ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠮᠠᠨ ᠤ ᠣᠷᠣᠨ ᠤ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠠᠵᠢᠯ ᠢ ᠲᠠᠭᠤᠰᠬᠠᠪᠠ
ᠨᠡᠶᠢᠲᠡᠯᠡᠭᠰᠡᠨ ᠴᠠᠭ᠄
2024/8/27
    8 ᠳ᠋ᠤᠭᠠᠷ ᠰᠠᠷ᠎ᠠ ᠶᠢᠨ 25᠎ ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠲᠤᠰᠬᠠᠶ ᠮᠡᠷᠭᠡᠵᠢᠯ ᠤᠨ ᠬᠦᠴᠦᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠮᠡᠷᠭᠡᠵᠢᠯ ᠤᠨ ᠰᠣᠯᠢᠯᠴᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ᠃     ᠬᠤᠷᠠᠯ ᠳᠡᠭᠡᠷ᠎ᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠠᠪᠰᠤᠷᠤᠨ ᠲᠡᠳᠬᠦᠬᠦ ᠳᠤᠭᠤᠶᠢᠯᠠᠩ ᠠᠴᠠ ᠮᠠᠨ ᠤ ᠣᠷᠣᠨ ᠤ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠠᠪᠰᠤᠷᠤᠨ ᠲᠡᠳᠬᠦᠬᠦ ᠪᠠ ᠲᠤᠬᠠᠶ ᠶᠢᠨ ᠲᠠᠯᠠᠪᠠᠶ ᠳᠤ ᠬᠠᠮᠲᠤᠷᠠᠨ ᠵᠢᠭᠰᠠᠭᠠᠨ ᠪᠠᠶᠢᠴᠠᠭᠠᠬᠤ ᠠᠵᠢᠯ ᠤᠨ ᠪᠠᠶᠢᠳᠠᠯ ᠢ ᠬᠠᠷᠢᠭᠤ ᠲᠤᠰᠬᠠᠵᠤ᠂ ᠮᠠᠨ ᠤ ᠣᠷᠣᠨ ᠤ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠭᠦᠶᠴᠡᠳ ᠨᠤᠲᠠᠯᠠᠬᠤ ᠶᠢᠨ ᠬᠠᠮᠲᠤ ᠦᠨᠳᠦᠰᠦᠨ ᠱᠠᠲᠤᠨ ᠤ ᠮᠡᠷᠭᠡᠵᠢᠯ ᠤᠨ ᠠᠵᠢᠯᠲᠠᠨ ᠤ ᠪᠣᠯᠪᠠᠰᠤᠷᠠᠯ᠂ ᠵᠢᠭᠰᠠᠭᠠᠨ ᠪᠠᠶᠢᠴᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠪᠠᠯᠠ ᠮᠥᠩᠭᠦ ᠴᠤᠭᠯᠠᠭᠤᠯᠬᠤ᠂ ᠣᠯᠠᠨ ᠰᠠᠯᠠᠭ᠎ᠠ ᠮᠥᠴᠢᠷ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠵᠡᠷᠭᠡ ᠲᠠᠯ᠎ᠠ ᠪᠠᠷ ᠪᠣᠳᠠᠲᠠᠶ ᠠᠵᠢᠯ ᠤᠨ ᠰᠠᠨᠠᠭᠤᠯᠭ᠎ᠠ ᠳᠤᠷᠠᠳᠪᠠ᠃ 
2.jpg
3.jpg
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᡁᠢ ᠴᠢᠤᠸᠠᠨ ᠮᠠᠨ ᠤ ᠣᠷᠣᠨ ᠤ ᠵᠠᠰᠠᠮᠠᠯ ᠵᠠᠮ ᠎ ᠤᠨ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠨ ᠪᠠᠭᠠᠰᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ︽ᠭᠤᠷᠪᠠ ᠎ ᠶᠢ ᠬᠠᠮᠢᠶᠠᠷᠬᠤ ᠭᠤᠷᠪᠠ ᠶᠢ ᠵᠣᠬᠢᠬᠤ ᠭᠤᠷᠪᠠ ᠶᠢ ᠨᠠᠶᠢᠳᠠᠪᠤᠷᠢᠵᠢᠭᠤᠯᠬᠤ︾ ᠵᠡᠷᠭᠡ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠬᠡᠰᠡᠭ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠤᠨ᠂ ᠵᠠᠰᠠᠮᠠᠯ ᠵᠠᠮ ᠤᠨ ᠦᠶᠡᠷ ᠤᠨ ᠬᠤᠭᠤᠴᠠᠭᠠᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠤᠷ ᠲᠦᠪᠰᠢᠨ ᠳᠥᠭᠦᠮ ᠳᠥᠲᠡ ᠪᠠᠷ ᠶᠠᠪᠤᠵᠤ ᠰᠠᠭᠤᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 8 ᠳ᠋ᠤᠭᠠᠷ ᠰᠠᠷ᠎ᠠ ᠶᠢᠨ 16᠎ ᠤ ᠡᠳᠦᠷ ᠠᠴᠠ ᠡᠬᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠲᠤᠰᠬᠠᠶ ᠮᠡᠷᠭᠡᠵᠢᠯ ᠤᠨ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠠᠵᠢᠯ ᠤᠨ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠳᠥᠷᠪᠡᠨ ᠳᠤᠭᠤᠶᠢᠯᠠᠩ ᠬᠤᠪᠢᠶᠠᠵᠤ ᠮᠠᠨ ᠤ ᠣᠷᠣᠨ ᠤ 12 ᠠᠶᠢᠮᠠᠭ ᠬᠤᠲᠠ ᠶᠢᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ 10 ᠡᠳᠦᠷ ᠤᠨ ᠬᠤᠭᠤᠴᠠᠭ᠎ᠠ ᠲᠠᠢ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠠᠪᠰᠤᠷᠤᠨ ᠲᠡᠳᠬᠦᠬᠦ ᠪᠠ ᠲᠤᠬᠠᠶ ᠶᠢᠨ ᠲᠠᠯᠠᠪᠠᠶ ᠳᠤ ᠬᠠᠮᠲᠤᠷᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号