ᠣᠶᠢᠷ᠎ᠠ ᠳᠤ᠂ G0616 ᠭᠠᠭᠴᠠᠮᠣᠳᠣ ᠠᠴᠠ ᠬᠠᠯᠢᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ | ᠪᠠᠷᠠᠭᠤᠨ ᠲᠠᠯ᠎ᠠ ᠪᠠ ᠶᠡᠷᠦᠩᠬᠡᠶ ᠤᠰᠤ ᠵᠠᠯᠠᠬᠤ ᠰᠤᠪᠠᠭ ᠤᠨ ᠬᠠᠰᠢᠯᠭ᠎ᠠ ᠶᠢᠨ ᠡᠷᠭᠢ ᠶᠢᠨ ᠵᠠᠰᠠᠮᠠᠯ ᠵᠠᠮ ᠤᠨ ᠪᠥᠬᠦ | ᠱᠤᠭᠤᠮ ᠢ ᠨᠡᠪᠲᠡᠷᠡᠭᠦᠯᠪᠡ᠃ | ᠭᠠᠭᠴᠠᠮᠣᠳᠣ ᠠᠴᠠ ᠬᠠᠯᠢᠭᠤᠲᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠠᠭᠤᠨ ᠲᠠᠯ᠎ᠠ ᠶᠢᠨ ᠭᠤᠣᠯ | ᠱᠤᠭᠤᠮ ᠤᠨ ᠪᠦᠬᠦ ᠣᠷᠳᠣ ᠨᠢ 131.235 ᠺᠢᠯᠦᠮᠧᠲᠷ ᠪᠠᠶᠢᠵᠤ᠂ ᠡᠬᠢᠯᠡᠯᠲᠡ ᠶᠢᠨ ᠴᠡᠭ ᠨᠢ ᠭᠠᠭᠴᠠᠮᠣᠳᠣ | ᠪᠠᠯᠭᠠᠰᠤᠨ ᠳᠤ ᠪᠠᠶᠢᠷᠢᠯᠠᠵᠤ᠂ ᠴᠣᠸᠠᠨ ᠵᠢᠩ ᠰᠤᠮᠤ ᠪᠠᠷ ᠦᠩᠭᠡᠷᠡᠵᠦ᠂ ᠡᠴᠦᠰ ᠤᠨ ᠴᠡᠭ ᠨᠢ ᠬᠠᠯᠢᠭᠤᠲᠤ | ᠪᠠᠯᠭᠠᠰᠤᠨ ᠳᠤ ᠬᠦᠷᠤᠨ᠎ᠡ᠃ ᠵᠠᠮ ᠱᠤᠭᠤᠮ ᠢ ᠨᠢᠭᠡᠨᠲᠡ ᠪᠠᠶᠢᠭ᠎ᠠ 212 ᠮᠤᠵᠢ ᠶᠢᠨ ᠵᠠᠮ ᠳᠠᠭᠠᠤ ᠪᠠᠶᠢᠷᠢᠯᠠᠭᠤᠯᠵᠤ᠂ | ᠬᠤᠣᠰ ᠴᠢᠭᠯᠡᠯᠲᠦ ᠳᠥᠷᠪᠡᠨ ᠲᠡᠷᠭᠡᠨ ᠵᠠᠮ ᠢᠶᠠᠷ ᠲᠥᠯᠥᠪᠯᠡᠭᠰᠡᠨ ᠪᠠᠶᠢᠨ᠎ᠠ᠃ | ᠶᠡᠷᠦᠩᠬᠡᠢ ᠤᠰᠤ ᠵᠠᠯᠠᠬᠤ ᠰᠤᠪᠠᠭ ᠤᠨ ᠬᠠᠰᠢᠯᠭ᠎ᠠ ᠶᠢᠨ ᠡᠷᠭᠢ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠪᠦᠬᠦ | ᠤᠷᠲᠤ ᠨᠢ 206.655 ᠺᠢᠯᠦᠮᠧᠲᠷ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ | ᠪᠠᠶᠢᠭᠤᠯᠵᠤ᠂ ᠵᠠᠮ ᠤᠨ ᠰᠠᠭᠤᠷᠢ ᠶᠢᠨ ᠥᠷᠭᠡᠨ ᠨᠢ 10 ᠮᠧᠲᠷ᠂ ᠵᠠᠮ ᠤᠨ ᠭᠠᠳᠠᠷᠭᠤ ᠶᠢᠨ ᠥᠷᠭᠡᠨ ᠨᠢ 7 ᠮᠧᠲᠷ | ᠪᠠᠶᠢᠳᠠᠭ᠃ ᠡᠬᠢᠯᠡᠯᠲᠡ ᠶᠢᠨ ᠴᠡᠭ ᠨᠢ ᠶᠡᠷᠦᠩᠬᠡᠶ ᠤᠰᠤ ᠵᠠᠯᠠᠬᠤ ᠰᠤᠪᠠᠭ ᠤᠨ ᠵᠡᠭᠦᠨ ᠦᠵᠦᠭᠦᠷ ᠤᠨ ᠬᠤᠩ ᠭᠧ ᠪᠦ᠋ | ᠤᠰᠤ ᠲᠠᠲᠠᠬᠤ ᠥᠷᠲᠡᠭᠡ ︵ᠤᠯᠢᠶᠠᠰᠤᠲᠠᠢ︶ ᠳᠤ ᠪᠠᠶᠢᠷᠢᠯᠠᠵᠤ᠂ ᠡᠴᠦᠰ ᠤᠨ ᠴᠡᠭ ᠨᠢ ᠶᠡᠷᠦᠩᠬᠡᠶ ᠤᠰᠤ ᠵᠠᠯᠠᠬᠤ | ᠰᠤᠪᠠᠭ ᠤᠨ ᠪᠠᠷᠠᠭᠤᠨ ᠦᠵᠦᠭᠦᠷ ᠤᠨ ᠬᠠᠩᠭᠢᠨ ᠬᠤᠶᠢᠲᠤ ᠬᠤᠰᠢᠭᠤᠨ ᠤ ᠱᠤᠸᠠᠩ ᠮᠢᠶᠣᠣ ᠪᠠᠯᠭᠠᠰᠤ ᠲᠠᠢ | ᠵᠠᠯᠭᠠᠯᠳᠤᠵᠤ᠂ 7 ᠬᠤᠰᠢᠭᠤ ᠰᠢᠶᠠᠨ ᠲᠣᠭᠤᠷᠢᠭ᠂ 63 ᠰᠤᠮᠤ ᠰᠢᠶᠠᠩ ᠪᠠᠯᠭᠠᠰᠤᠨ ᠤ ᠲᠠᠷᠢᠶᠠᠯᠠᠩ ᠮᠠᠯ ᠠᠵᠤ | ᠠᠬᠤᠶ ᠵᠢᠭᠠᠰᠤᠨ ᠲᠠᠯᠠᠪᠠᠶ᠂ 120 ᠲᠦᠮᠡ ᠰᠢᠬᠠᠮ ᠬᠥᠮᠦᠨ ᠠᠮᠠ ᠳᠤ ᠠᠰᠢᠭ ᠬᠦᠷᠲᠡᠭᠡᠪᠡ᠃ | ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠴᠢᠬᠤᠯᠠ ᠭᠤᠣᠯ ᠵᠠᠮ ᠤᠨ ᠲᠥᠷᠥᠯ ᠵᠦᠢᠯ ᠪᠣᠯᠤᠭᠰᠠᠨ ᠤ | ᠬᠤᠪᠢ ᠳᠤ᠂ ᠡᠨᠡ ᠬᠦ ︽ᠨᠢᠭᠡ ᠭᠤᠯᠳᠤ ᠨᠢᠭᠡ ᠬᠥᠨᠳᠡᠯᠡᠨ︾ ᠬᠤᠶᠠᠷ ᠵᠠᠰᠠᠮᠠᠯ ᠵᠠᠮ ᠢ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠲᠣᠣᠷ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠣᠷᠣᠨ ᠪᠦᠰᠡ ᠶᠢᠨ ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ | ᠪᠣᠯᠤᠨ᠎ᠠ᠃ | |