ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠱᠠᠯᠠᠪᠳᠠᠨ ᠪᠣᠳᠠᠲᠠᠶ ᠠᠳᠬᠤᠵᠤ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/5
    ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠶᠮᠠᠨ ᠰᠠᠷ᠎ᠠ ᠶᠢᠨ ᠡᠬᠢᠨ︾᠎ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠷᠲᠡ ᠲᠥᠯᠥᠪᠵᠢᠭᠦᠯᠬᠦ᠂ ᠡᠷᠲᠡ ᠪᠠᠶᠢᠷᠢᠯᠠᠭᠤᠯᠬᠤ᠂ ᠡᠷᠲᠡ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠳᠠᠷᠤᠯᠲᠠᠲᠤ ᠪᠠᠶᠢᠳᠠᠯ ᠢᠶᠠᠨ ᠢᠮᠠᠭᠲᠠ ᠪᠠᠷᠢᠮᠲᠠᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
202408051106.jpg
    7 ᠳ᠋ᠤᠭᠠᠷ ᠰᠠᠷ᠎ᠠ ᠶᠢᠨ 30᠎ ᠤ ᠡᠳᠦᠷ᠂ ᠲᠦᠩᠯᠢᠶᠣᠤ ᠶᠢᠨ G203 ᠱᠤᠭᠤᠮ ᠤᠨ ᠳᠦᠳᠡ ᠵᠠᠮ ᠤᠨ ᠭᠤᠯᠳᠤᠩ ᠬᠦᠨᠳᠡᠢ ᠶᠢ ᠠᠷᠠᠴᠢᠯᠠᠨ ᠬᠠᠮᠠᠭᠠᠯᠠᠵᠤ ᠪᠠᠶᠢᠭ᠎ᠠ ᠨᠢ᠃     ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ ᠨᠠᠶᠢᠳᠠᠪᠤᠷᠢᠵᠢᠭᠤᠯᠤᠨ᠎ᠠ     ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠡᠯ᠎ᠡ ᠭᠠᠵᠠᠷ ᠤᠨ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠭᠰᠡᠨ ᠲᠤᠷᠰᠢᠯᠭ᠎ᠠ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠵᠠᠰᠠᠮᠠᠯ ᠵᠠᠮ ᠎ ᠤᠨ ᠰᠠᠭᠤᠷᠢ ᠲᠦᠭᠦᠭᠡᠷᠤᠮᠵᠢ ᠶᠢᠨ ᠭᠠᠮᠰᠢᠭ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠨ᠂ ᠬᠦᠨᠳᠦ ᠶᠡᠭᠡ ᠭᠠᠮᠰᠢᠭ ᠤᠨ ᠲᠦᠭᠰᠢᠭᠦᠷᠢ ᠶᠢᠨ ᠳᠠᠯᠳᠠ ᠭᠡᠮ ᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠬᠢᠬᠦ ᠵᠡᠷᠭᠡ 10 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ 611 ᠰᠠᠯᠠᠭ᠎ᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯᠲᠠᠨ 11771 ᠬᠥᠮᠥᠨ᠂ ᠦᠶᠡᠷ ᠢ ᠰᠡᠷᠭᠡᠶᠢᠯᠡᠬᠦ ᠡᠯ᠎ᠡ ᠲᠥᠷᠥᠯ ᠤᠨ ᠪᠠᠷᠢᠯᠭ᠎ᠠ ᠶᠢᠨ ᠮᠠᠰᠢᠨ 1581᠂ ᠪᠠᠴᠢᠮ ᠪᠠᠶᠢᠳᠠᠯ ᠢ ᠠᠷᠭᠠᠴᠠᠬᠤ ᠲᠡᠷᠭᠡ 2981᠎ ᠶᠢ ᠪᠠᠶᠢᠭᠤᠯᠵᠤ ᠴᠠᠭ ᠢᠮᠠᠭᠲᠠ ᠪᠡᠯᠡᠬᠡᠨ ᠪᠠᠶᠢᠨ᠎ᠠ᠃     ᠠᠵᠢᠯ ᠤᠨ ᠲᠤᠰᠬᠠᠶ ᠠᠩᠭᠢ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠎ᠠ    ᠡᠩ ᠲᠡᠷᠢᠭᠦᠨ ᠳᠤ ᠡᠯ᠎ᠡ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠲᠤᠰᠬᠠᠶ ᠠᠩᠭᠢ ᠶᠢ ᠡᠬᠢᠯᠡᠭᠦᠯᠵᠦ᠂ ᠡᠩ ᠤᠨ ᠪᠠ ᠪᠠᠴᠢᠮ ᠪᠠᠶᠢᠳᠠᠯ ᠢ ᠠᠷᠭᠠᠴᠠᠭᠠᠨ ᠬᠤᠪᠢᠷᠠᠭᠤᠯᠬᠤ ᠶᠢ ᠪᠡᠶᠡᠯᠡᠭᠦᠯᠵᠦ᠂ 7 × 24 ᠴᠠᠭ ᠢᠶᠠᠷ ᠵᠢᠵᠢᠭᠦᠷᠯᠡᠭᠦᠯᠵᠦ᠂ ᠦᠶᠡᠷ ᠢ ᠰᠡᠷᠭᠡᠶᠢᠯᠡᠬᠦ ᠠᠵᠢᠯ ᠤᠨ ᠡᠳᠦᠷ ᠤᠨ ᠲᠣᠬᠢᠷᠠᠭᠤᠯᠤᠯᠲᠠ᠂ ᠭᠠᠷᠠᠭ ᠤᠨ ᠮᠡᠳᠡᠭᠦᠯᠦᠯᠲᠡ ᠎ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠠᠷᠢᠨ ᠲᠠᠩᠰᠠᠵᠢᠭᠤᠯᠤᠨ ᠬᠠᠮᠢᠶᠠᠷᠬᠤ᠂ ᠵᠢᠷᠤᠭ ᠡᠯᠭᠦᠬᠦ ᠮᠠᠶ᠋ᠢᠭ ᠢᠶᠠᠷ ᠠᠵᠢᠯᠯᠠᠬᠤ᠂ ᠰᠢᠮᠳᠠᠭᠤᠯᠤᠨ ᠭᠦᠶᠴᠡᠳᠬᠡᠬᠦ ᠮᠠᠶ᠋ᠢᠭ ᠢᠶᠠᠷ ᠴᠡᠭᠴᠡᠯᠡᠨ ᠰᠠᠶᠢᠵᠢᠷᠠᠭᠤᠯᠬᠤ︾ ᠠᠵᠢᠯᠯᠠᠭᠠᠨ ᠎ ᠤ ᠱᠠᠭᠠᠷᠳᠠᠯᠭ᠎ᠠ ᠶᠤᠰᠤ ᠪᠠᠷ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠰᠠᠭᠤᠷᠢ ᠲᠦᠭᠦᠭᠡᠷᠤᠮᠵᠢ ᠵᠢᠴᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠎ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠨ᠎ᠠ᠃
202408051107.jpg
    6 ᠳ᠋ᠤᠭᠠᠷ ᠰᠠᠷ᠎ᠠ ᠶᠢᠨ 28᠎ ᠤ ᠡᠳᠦᠷ᠂ ᠠᠯᠠᠱᠠ ᠠᠶᠢᠮᠠᠭ ᠤᠨ ᠰᠤᠬᠠᠶᠢᠲᠤ ᠭᠠᠵᠠᠷ ᠣᠷᠣᠨ ᠤ S218 ᠭᠤᠤᠯ ᠱᠤᠭᠤᠮ ᠤᠨ ᠵᠠᠰᠠᠮᠠᠯ ᠵᠠᠮ ᠤᠨ ᠤᠰᠤᠨ ᠳᠤ ᠡᠪᠳᠡᠭᠳᠡᠭᠰᠡᠨ ᠯᠠᠭ ᠰᠢᠪᠠᠷ ᠢ ᠠᠷᠢᠯᠭᠠᠨ ᠰᠠᠭᠠᠳ ᠥᠬᠡᠶ ᠪᠠᠶᠢᠬᠤ ᠶᠢ ᠪᠠᠲᠤᠯᠠᠨ᠎ᠠ᠃     ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠨ᠎ᠠ    ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ᠂ ᠵᠠᠰᠠᠮᠠᠯ ᠵᠠᠮ ᠤᠨ ᠴᠠᠭ ᠠᠭᠤᠷ ᠤᠨ ᠨᠥᠬᠦᠴᠡᠯ ᠤᠨ ᠤᠷᠢᠳᠴᠢᠯᠠᠭᠰᠠᠨ ᠮᠡᠳᠡᠭᠡ ᠎ ᠶᠢ ᠴᠠᠭ ᠲᠤᠬᠠᠶ ᠳᠤ ᠨᠢ ᠨᠡᠶᠢᠲᠡᠯᠡᠵᠦ᠂ ᠵᠠᠮ ᠤᠨ ᠲᠣᠤᠷ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤ ᠨᠢ ᠨᠡᠶᠢᠭᠡᠮ ᠳᠤ ᠨᠡᠶᠢᠲᠡᠯᠡᠨ᠂ ᠶᠡᠭᠡ ᠰᠠᠯᠬᠢ᠂ ᠰᠢᠷᠦᠭᠦᠨ ᠪᠣᠷᠣᠭᠠᠨ ᠵᠡᠷᠭᠡ ᠳᠤ ᠴᠢᠭᠯᠡᠭᠦᠯᠦᠨ ᠰᠡᠷᠭᠡᠶᠢᠯᠡᠵᠦ ᠠᠷᠭᠠᠴᠠᠭᠠᠬᠤ ᠶᠢ ᠰᠠᠶᠢᠲᠤᠷ ᠬᠢᠬᠦ ᠶᠢ ᠰᠠᠨᠠᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠥᠲᠥᠯᠦᠨ ᠵᠢᠯᠣᠭᠤᠳᠤᠨ᠎ᠠ᠃ ᠪᠣᠷᠣᠭᠠᠨ ᠣᠷᠣᠭᠰᠠᠨ ᠠᠴᠠ ᠪᠣᠯᠵᠤ ᠨᠡᠪᠲᠡᠷᠡᠬᠦ ᠨᠥᠬᠦᠴᠡᠯ ᠢ ᠪᠦᠷᠢᠯᠳᠦᠭᠦᠯᠦᠭᠡᠳᠦᠶ ᠰᠠᠭᠤᠷᠢ ᠲᠦᠭᠦᠭᠡᠷᠤᠮᠵᠢ᠂ ᠲᠠᠯᠠᠪᠤᠷ ᠥᠷᠲᠡᠭᠡ ᠶᠢᠨ ᠬᠦᠢᠰᠦ᠂ ᠵᠠᠮ ᠬᠠᠷᠢᠯᠴᠠᠭᠠᠨ ᠤ ᠪᠠᠭᠠᠵᠢ ᠵᠡᠷᠭᠡ ᠶᠢ ᠵᠣᠭᠰᠣᠭᠠᠪᠠᠯ ᠵᠣᠬᠢᠬᠤ ᠶᠢ ᠨᠢ ᠪᠦᠬᠦᠨ ᠢ ᠵᠣᠭᠰᠣᠭᠠᠵᠤ᠂ ᠬᠠᠭᠠᠪᠠᠯ ᠵᠣᠬᠢᠬᠤ ᠶᠢ ᠨᠢ ᠪᠦᠬᠦᠨ ᠢ ᠬᠠᠭᠠᠵᠤ᠂ ᠬᠠᠰᠤᠪᠠᠯ ᠵᠣᠬᠢᠬᠤ ᠶᠢ ᠨᠢ ᠪᠦᠬᠦᠨ ᠢ ᠬᠠᠰᠤᠨ᠎ᠠ︔ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠭᠰᠡᠨ ᠤ ᠳᠠᠷᠠᠭ᠎ᠠ᠂ ᠲᠡᠷᠡ ᠳᠠᠷᠤᠶ ᠳᠤ ᠨᠢ ᠨᠡᠪᠲᠡᠷᠡᠬᠦ ᠵᠠᠮ ᠤᠨ ᠬᠡᠰᠡᠭ ᠢ ᠬᠠᠭᠠᠨ᠎ᠠ᠃ 7 ᠳ᠋ᠤᠭᠠᠷ ᠰᠠᠷ᠎ᠠ ᠎ ᠶᠢᠨ 20᠎ ᠤ ᠡᠳᠦᠷ ᠠᠴᠠ ᠨᠠᠭᠠᠰᠢ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 740 ᠵᠤᠷᠪᠤᠰ ᠨᠡᠶᠢᠲᠡᠯᠡᠵᠦ᠂ ᠪᠥᠬᠦ ᠣᠷᠣᠨ ᠤ ᠭᠤᠤᠯ ᠪᠣᠯᠬᠤ ᠵᠠᠰᠠᠮᠠᠯ ᠵᠠᠮ ᠤᠨ ᠴᠠᠭ ᠠᠭᠤᠷ ᠤᠨ ᠨᠥᠬᠦᠴᠡᠯ ᠤᠨ ᠤᠷᠢᠳᠴᠢᠯᠠᠭᠰᠠᠨ ᠮᠡᠳᠡᠭᠡ ᠶᠢ 11 ᠬᠤᠭᠤᠴᠠᠭ᠎ᠠ ᠨᠡᠶᠢᠲᠡᠯᠡᠪᠡ᠃     ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠦᠷᠨᠢᠭᠦᠯᠦᠨ᠎ᠡ    ᠵᠠᠰᠠᠮᠠᠯ ᠵᠠᠮ ᠤᠨ ᠬᠥᠭᠦᠷᠭᠡ᠂ ᠨᠦᠬᠡᠨ ᠵᠠᠮ᠂ ᠥᠨᠳᠥᠷ ᠬᠥᠲᠥᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠎ ᠶᠢᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠦᠷᠨᠢᠭᠦᠯᠪᠡ᠃ 7 ᠳ᠋ᠤᠭᠠᠷ ᠰᠠᠷ᠎ᠠ ᠶᠢᠨ 20᠎ ᠤ ᠡᠳᠦᠷ ᠠᠴᠠ ᠨᠠᠭᠠᠰᠢ᠂ ᠪᠥᠬᠦ ᠣᠷᠣᠨ ᠳᠤ ᠵᠠᠰᠠᠮᠠᠯ ᠵᠠᠮ ᠤᠨ ᠲᠣᠭᠤᠷᠢᠨ ᠪᠠᠶᠢᠴᠠᠭᠠᠯᠲᠠ ᠶᠢ 16200 ᠭᠠᠷᠤᠶ ᠤᠳᠠᠭ᠎ᠠ ᠥᠷᠨᠢᠭᠦᠯᠵᠦ᠂ ᠵᠠᠰᠠᠮᠠᠯ ᠵᠠᠮ ᠤᠨ ᠰᠠᠭᠤᠷᠢ ᠭᠠᠳᠠᠷᠭᠤ ᠂ ᠬᠥᠭᠦᠷᠭᠡᠨ ᠨᠦᠬᠡᠨ ᠵᠠᠮ᠂ ᠵᠠᠮ ᠳᠠᠭᠠᠤ ᠶᠢᠨ ᠲᠥᠬᠦᠭᠡᠷᠦᠮᠵᠢ ᠵᠡᠷᠭᠡ ᠶᠢᠨ ᠳᠠᠯᠳᠠ ᠭᠡᠮ ᠢ ᠨᠡᠶᠢᠲᠡ 316 ᠭᠠᠵᠠᠷ ᠢ ᠵᠢᠭᠰᠠᠭᠠᠨ ᠪᠠᠶᠢᠴᠠᠭᠠᠵᠤ᠂ 153 ᠭᠠᠵᠠᠷ ᠢ ᠨᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 6 ᠦᠶᠡᠷ ᠤᠨ ᠬᠤᠭᠤᠴᠠᠭᠠᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ︽ᠳᠥᠷᠪᠡ ᠥᠬᠡᠶ ᠬᠤᠶᠠᠷ ᠰᠢᠭᠤᠳ︾᠎ ᠢᠶᠠᠷ ᠨᠢᠭᠡᠳᠦᠭᠡᠷ ᠹᠷᠣᠨᠲ ᠲᠤ ᠰᠢᠭᠤᠳ ᠬᠥᠷᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ 12 ᠠᠶᠢᠮᠠᠭ ᠬᠤᠲᠠ ᠶᠢᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠴᠦ ᠦᠶᠡᠷ ᠢ ᠰᠡᠷᠭᠡᠶᠢᠯᠡᠬᠦ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠦᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠡᠵᠡᠩᠨᠡᠯᠲᠡ ᠶᠢᠨ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ 273 ᠵᠤᠷᠪᠤᠰ ᠠᠰᠠᠭᠤᠳᠠᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ᠨᠢᠭᠡᠨᠲᠡ 218 ᠭᠠᠵᠠᠷ ᠢ ᠴᠡᠭᠴᠡᠯᠡᠨ ᠰᠠᠶᠢᠵᠢᠷᠠᠭᠤᠯᠪᠠ᠃     ᠣᠳᠣᠬᠠᠨ ᠪᠣᠯᠲᠠᠯ᠎ᠠ᠂ ᠪᠥᠬᠦ ᠣᠷᠣᠨ ᠤ ᠵᠠᠰᠠᠮᠠᠯ ᠵᠠᠮ ᠤᠨ ᠰᠠᠭᠤᠷᠢ᠂ ᠵᠠᠮ ᠤᠨ ᠭᠠᠳᠠᠷᠭᠤ᠂ ᠬᠥᠭᠦᠷᠭᠡ ᠶᠢᠨ ᠬᠠᠮᠠᠭᠠᠯᠠᠯᠲᠠ ᠵᠡᠷᠭᠡ ᠶᠢᠨ ᠨᠡᠶᠢᠲᠡ 339 ᠭᠠᠵᠠᠷ ᠤᠰᠤᠨ ᠳᠤ ᠡᠪᠳᠡᠭᠳᠡᠭᠰᠡᠨ ᠪᠠᠶᠢᠨ᠎ᠠ᠂ ᠡᠭᠦᠨ ᠳᠤ᠂ ᠳᠡᠭᠡᠳᠦ ᠬᠤᠷᠳᠤ ᠶᠢᠨ ᠵᠠᠰᠠᠮᠠᠯ ᠵᠠᠮ 10᠂ ᠡᠩ ᠤᠨ ᠤᠯᠤᠰ ᠤᠨ ᠵᠠᠮ ᠤᠨ ᠭᠤᠤᠯ ᠱᠤᠭᠤᠮ ᠤᠨ ᠵᠠᠰᠠᠮᠠᠯ ᠵᠠᠮ 152᠂ ᠬᠥᠳᠡᠭᠡ ᠲᠣᠰᠬᠤᠨ ᠤ ᠵᠠᠰᠠᠮᠠᠯ ᠵᠠᠮ 177 ᠪᠣᠶ᠃ ᠤᠰᠤᠨ ᠳᠤ ᠡᠪᠳᠡᠭᠳᠡᠭᠰᠡᠨ ᠵᠠᠮ ᠤᠨ ᠬᠡᠰᠡᠭ ᠢ ᠰᠢᠢᠳᠪᠦᠷᠢᠯᠡᠭᠰᠡᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠤᠨ ᠠᠵᠢᠯᠲᠠᠨ ᠨᠡᠶᠢᠲᠡ 3744 ᠬᠥᠮᠦᠨ ᠤᠳᠠᠭ᠎ᠠ᠂ ᠮᠠᠰᠢᠨ ᠮᠧᠬᠠᠨᠢᠭ ᠤᠨ ᠡᠭᠡᠯᠵᠢ 1836 ᠰᠠᠭᠤᠷᠢ ᠤᠳᠠᠭ᠎ᠠ᠂ 329 ᠭᠠᠵᠠᠷ ᠢ ᠨᠢᠭᠡᠨᠲᠡ ᠰᠡᠯᠪᠢᠨ ᠵᠠᠰᠠᠵᠤ ᠳᠠᠭᠤᠰᠴᠤ᠂ 10 ᠭᠠᠵᠠᠷ ᠢ ᠶᠠᠭ ᠪᠦᠬᠦ ᠬᠦᠴᠦᠨ ᠢᠶᠠᠷ ᠢᠶᠠᠨ ᠵᠠᠪᠳᠤᠨ ᠵᠠᠰᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号