ᠬᠤᠶᠠᠷ ᠤᠳᠠᠰᠤ ᠢ ᠨᠡᠶᠢᠯᠡᠭᠦᠯᠵᠦ᠂ ︽ᠨᠢᠭᠡ ᠤᠳᠠᠰᠤ ᠪᠠᠷ ᠭᠦᠶᠴᠡᠳᠬᠡᠨ᠎ᠡ ︾︕
ᠨᠡᠶᠢᠲᠡᠯᠡᠭᠰᠡᠨ ᠴᠠᠭ᠄
2024/8/6
    ᠲᠦᠷᠦᠭᠦᠬᠡᠨ᠂ ᠮᠠᠨ ᠤ ᠣᠷᠣᠨ 12328 ᠬᠠᠯᠠᠮᠰᠢᠯ ᠤᠲᠠᠰᠤ ᠪᠠ 12122 ᠬᠠᠯᠠᠮᠰᠢᠯ ᠤᠲᠠᠰᠤ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠵᠢᠯ ᠢ ᠪᠡᠶᠡᠯᠡᠭᠦᠯᠪᠡ᠃ ᠬᠡᠷᠡᠭᠯᠡᠭᠴᠢᠳ 12122 ᠪᠠ 12328᠎ ᠶᠢ ᠤᠲᠠᠰᠤᠳᠠᠪᠠᠯ 12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠬᠠᠯᠠᠮᠰᠢᠯ ᠤᠲᠠᠰᠤ ᠪᠠᠷ ᠨᠢᠭᠡᠳᠦᠯᠲᠡᠶ ᠭᠥᠯᠢᠶᠡᠨ ᠠᠪᠴᠤ ᠰᠣᠨᠣᠰᠤᠨ᠂ ︽ᠨᠢᠭᠡ ᠤᠳᠠᠰᠤ ᠪᠠᠷ ᠭᠦᠶᠴᠡᠳᠬᠡᠬᠦ︾᠎ ᠶᠢ ᠪᠡᠶᠡᠯᠡᠭᠦᠯᠵᠦ᠂ ᠣᠯᠠᠨ ᠲᠦᠮᠡᠨ ᠳᠤ ︽7 × 24 ᠴᠠᠭ︾᠎ ᠤᠨ ᠪᠦᠬᠦᠯᠢ ᠡᠳᠦᠷ ᠤᠨ ᠦᠶᠯᠡᠴᠢᠯᠡᠭᠡ ᠬᠠᠩᠭᠠᠨ᠎ᠠ᠃     ᠣᠳᠣᠬᠠᠨ ᠳᠤ 12122 ᠬᠠᠯᠠᠮᠰᠢᠯ ᠤᠲᠠᠰᠤ ᠶᠢ 12328 ᠬᠠᠯᠠᠮᠰᠢᠯ ᠤᠲᠠᠰᠤ ᠳᠤ ᠰᠢᠯᠵᠢᠭᠦᠯᠦᠨ ᠵᠠᠯᠭᠠᠭᠰᠠᠨ ᠡᠳᠦᠷ ᠪᠦᠷᠢ ᠶᠢᠨ ᠢᠷᠡᠭᠦᠯᠦᠭᠰᠡᠨ ᠤᠲᠠᠰᠤᠨ ᠤ ᠲᠤᠭ᠎ᠠ ᠨᠢ 500 ᠣᠷᠴᠢᠮ ᠪᠠᠶᠢᠵᠤ᠂ ᠳᠠᠷᠠᠭᠠᠴᠢ ᠪᠠᠷ 12122 ᠬᠠᠯᠠᠮᠰᠢᠯ ᠤᠲᠠᠰᠤᠨ ᠤ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠭᠤᠷᠠᠬᠤ ᠶᠢ ᠳᠠᠭᠠᠯᠳᠤᠨ᠂ 12122 ᠤᠳᠠᠰᠤ ᠶᠢ ᠠᠯᠬᠤᠮ ᠠᠯᠬᠤᠮ ᠢᠶᠠᠷ ᠵᠣᠭᠰᠣᠭᠠᠵᠤ᠂ 12328 ᠤᠲᠠᠰᠤ ᠶᠢ ᠨᠢᠭᠡᠳᠦᠯᠲᠡᠶ ᠬᠡᠷᠡᠭᠯᠡᠨ᠎ᠡ᠃     ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠲᠥᠪ ᠨᠢ ᠥᠪᠥᠷ ᠮᠣᠩᠭᠤᠯ ᠎ ᠤᠨ ᠴᠠᠩ ᠵᠢᠶᠧ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠬᠤᠯᠪᠣᠨ ᠰᠦᠶᠳᠬᠡᠯ ᠬᠤᠷᠢᠶᠠᠵᠤ ᠳ᠋ᠦᠩᠨᠡᠨ ᠪᠤᠳᠤᠬᠤ ᠬᠢᠵᠠᠭᠠᠷᠲᠤ ᠺᠣᠮᠫᠠᠨᠢ ᠲᠠᠢ ᠬᠠᠮᠲᠤᠷᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ 12328 ᠬᠠᠯᠠᠮᠰᠢᠯ ᠤᠲᠠᠰᠤ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠵᠢᠯ ᠢ ᠳᠥᠯᠭᠢᠨ ᠠᠬᠢᠭᠤᠯᠪᠠ᠃ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠯᠠᠮᠰᠢᠯ ᠤᠲᠠᠰᠤ ᠶᠢᠨ ᠰᠦᠯᠵᠢᠶ᠎ᠡ ᠬᠤᠯᠪᠣᠨ ᠨᠡᠪᠲᠡᠷᠡᠭᠦᠯᠬᠦ ᠶᠢ ᠲᠣᠬᠢᠷᠠᠭᠤᠯᠬᠤ᠂ ᠡᠵᠡᠩᠨᠡᠯᠲᠡ ᠶᠢᠨ ᠡᠬᠢ ᠪᠠᠶᠠᠯᠢᠭ ᠢ ᠲᠥᠬᠦᠷᠵᠢᠭᠦᠯᠬᠦ᠂ ᠬᠡᠷᠡᠭᠯᠡᠯᠲᠡ ᠶᠢ ᠴᠤᠭᠯᠠᠭᠤᠯᠤᠨ ᠨᠡᠭᠡᠭᠡᠬᠦ ᠪᠠ ᠪᠠᠶᠢᠷᠢᠯᠠᠭᠤᠯᠬᠤ ᠠᠴᠠ ᠬᠠᠯᠠᠮᠰᠢᠯ ᠤᠲᠠᠰᠤ ᠶᠢ ᠨᠡᠶᠢᠯᠡᠭᠦᠯᠬᠦ ᠴᠢᠬᠤᠯᠠ ᠭᠤᠭᠴᠤᠭ᠎ᠠ᠂ ᠰᠢᠰᠲ᠋ᠧᠮ ᠤᠨ ᠴᠢᠳᠠᠮᠵᠢ ᠶᠢᠨ ᠲᠠᠨᠢᠯᠴᠠᠭᠤᠯᠭ᠎ᠠ᠂ ᠰᠢᠰᠲ᠋ᠧᠮ ᠢ ᠬᠡᠷᠡᠭᠯᠡᠬᠦ ᠳᠤ ᠠᠩᠬᠠᠷᠬᠤ ᠵᠦᠶᠯᠡᠰ ᠵᠡᠷᠭᠡ ᠠᠭᠤᠯᠭ᠎ᠠ ᠎ ᠶᠢᠨ ᠲᠣᠭᠤᠷᠢᠨ ᠳᠤ ᠰᠦᠯᠵᠢᠶᠡᠨ ᠳᠡᠭᠡᠷᠡᠬᠢ ᠰᠢᠰᠲ᠋ᠧᠮ ᠲᠠᠢ ᠪᠣᠯᠪᠠᠰᠤᠷᠠᠯ ᠢ ᠥᠷᠨᠢᠭᠦᠯᠵᠦ᠂ ᠡᠯ᠎ᠡ ᠨᠢᠭᠡᠴᠢ ᠶᠢᠨ ᠬᠠᠯᠠᠮᠰᠢᠯ ᠤᠲᠠᠰᠤ ᠶᠢ ᠨᠡᠶᠢᠯᠡᠭᠦᠯᠦᠨ ᠠᠵᠢᠯᠯᠠᠭᠤᠯᠤᠭᠰᠠᠨ ᠤ ᠳᠠᠷᠠᠭᠠᠬᠢ ᠰᠢᠰᠲ᠋ᠧᠮ ᠢ ᠬᠡᠷᠡᠭᠯᠡᠬᠦ ᠶᠢ ᠮᠡᠳᠡᠵᠦ ᠬᠡᠷᠡᠭᠯᠡᠵᠦ ᠴᠢᠳᠠᠵᠤ᠂ ᠡᠯ᠎ᠡ ᠵᠦᠶᠯ ᠤᠨ ᠠᠵᠢᠯ ᠤᠨ ᠲᠠᠰᠤᠷᠠᠬᠤ ᠥᠬᠡᠶ ᠰᠠᠮᠠᠭᠤᠷᠠᠬᠤ ᠥᠬᠡᠶ ᠪᠠᠶᠢᠬᠤ ᠶᠢ ᠪᠠᠲᠤᠯᠠᠪᠠ᠃      12328 ᠬᠠᠯᠠᠮᠰᠢᠯ ᠤᠲᠠᠰᠤ ᠶᠢᠨ ᠳᠡᠭᠡᠷ᠎ᠡ ᠬᠠᠭᠠᠰ ᠵᠢᠯ ᠤᠨ ᠳᠤᠮᠳᠠᠴᠢ ᠣᠯᠤᠭᠰᠠᠨ ᠬᠤᠪᠢ ᠨᠢ 91.96 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.87 ᠬᠤᠪᠢ ᠳᠡᠭᠡᠭᠰᠢᠯᠡᠵᠡᠶ᠃ ᠪᠥᠬᠦ ᠣᠷᠣᠨ ᠤ 12328 ᠬᠠᠯᠠᠮᠰᠢᠯ ᠤᠲᠠᠰᠤ ᠨᠢ ᠨᠡᠶᠢᠲᠡ 149266 ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠶᠳᠪᠦᠷᠢᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.04%᠎ ᠪᠠᠷ ᠳᠡᠭᠡᠭᠰᠢᠯᠡᠪᠡ᠃
202408061014.jpg
202408061015.jpg
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号