ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠠᠭᠰᠠᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠬᠠᠮᠢᠶ᠎ᠠ ᠪᠦᠬᠦᠢ ᠨᠥᠬᠦᠪᠥᠷᠢ ᠶᠢᠨ ᠪᠠᠷᠢᠮᠵᠢᠶ᠎ᠠ ᠬᠢᠭᠡᠳ ᠡᠯ᠎ᠡ ᠠᠶᠢᠮᠠᠭ ᠬᠤᠲᠠ ᠶᠢᠨ ᠯᠠᠪᠯᠠᠭ᠎ᠠ ᠠᠪᠬᠤ ᠤᠳᠠᠰᠤ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/8/6
    ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢᠨ ᠲᠡᠭᠡᠭᠡᠪᠦᠷᠢ ᠡᠵᠡᠩᠨᠡᠵᠦ ᠪᠠᠶᠢᠭ᠎ᠠ ᠲᠥᠷᠥᠯ ᠤᠨ ᠴᠠᠶᠢᠶ᠋ᠢᠦ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢ ᠳᠡᠮᠵᠢᠵᠦ᠂ ᠨᠢᠭᠡ ᠪᠦᠯᠦᠭ ᠥᠨᠳᠥᠷ ᠪᠠᠷᠢᠮᠵᠢᠶ᠎ᠠ ᠲᠠᠢ ᠳᠣᠤᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠠᠭᠠᠨ ᠤ ᠲᠡᠷᠭᠡ ᠶᠢ ᠲᠦᠷᠭᠡᠪᠴᠢᠯᠡᠨ ᠰᠢᠨᠡᠳᠬᠡᠬᠦ ᠶᠢᠨ ᠲᠥᠯᠥᠭᠡ᠂ 2024 ᠣᠨ ᠤ 7 ᠳ᠋ᠤᠭᠠᠷ ᠰᠠᠷ᠎ᠠ ᠶᠢᠨ 30 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ︽  ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠠᠭᠰᠠᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠯᠥᠪᠵᠢᠭᠦᠯᠭᠡ ᠲᠠᠷᠬᠠᠭᠠᠭᠰᠠᠨ ﹇2024﹈ 90 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠢᠴᠢᠭ ᠮᠠᠲ᠋ᠧᠷᠢᠶᠠᠯ ᠳᠤ ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢᠨ ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠪᠠᠷᠠᠭᠠᠨ ᠤ ᠲᠡᠷᠭᠡ ᠶᠢ ᠬᠡᠷᠡᠭᠯᠡᠭᠡᠨ  ᠠᠴᠠ ᠤᠷᠢᠳᠴᠢᠯᠠᠨ ᠭᠠᠷᠭᠠᠬᠤ᠂ ᠬᠡᠷᠡᠭᠯᠡᠭᠡᠨ ᠠᠴᠠ ᠤᠷᠢᠳᠴᠢᠯᠠᠨ ᠭᠠᠷᠭᠠᠬᠤ ᠪᠦᠭᠡᠳ ᠤᠯᠤᠰ ᠤᠨ ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠪᠠᠷᠠᠭᠠᠨ ᠤ ᠲᠡᠷᠭᠡ ᠪᠤᠶᠤ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢ ᠰᠢᠨ᠎ᠡ ᠪᠠᠷ ᠬᠤᠳᠠᠯᠳᠤᠨ ᠠᠪᠬᠤ᠂ ᠵᠥᠪᠬᠡᠨ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠬᠤᠳᠠᠯᠳᠤᠨ ᠠᠪᠬᠤ ᠳᠤ ᠨᠥᠬᠦᠴᠡᠯ ᠳᠤ ᠨᠡᠶᠢᠴᠡᠬᠦ ᠶᠢ ᠲᠠᠰ ᠬᠤᠪᠢᠶᠠᠨ ᠨᠥᠬᠦᠪᠦᠷᠢ ᠣᠯᠭᠤᠬᠤ ᠪᠠᠷ ᠱᠠᠭᠠᠷᠳᠠᠪᠠ᠃ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ 2024 ᠣᠨ ᠤ 7 ᠳ᠋ᠤᠭᠠᠷ ᠰᠠᠷ᠎ᠠ  ᠶᠢᠨ 31 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠤᠳᠤ ᠤᠯᠤᠰ ᠤᠨ ᠬᠠᠮᠢᠶ᠎ᠠ ᠪᠦᠬᠦᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠢᠴᠢ ᠡᠯ᠎ᠡ ᠠᠶᠢᠮᠠᠭ ᠬᠤᠲᠠ ᠶᠢᠨ ᠯᠠᠪᠯᠠᠭ᠎ᠠ ᠠᠪᠬᠤ ᠤᠲᠠᠰᠤ ᠶᠢ ᠳᠣᠣᠷᠠᠬᠢ ᠮᠡᠲᠦ ᠨᠡᠶᠢᠲᠡᠯᠡᠪᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠠᠵᠢᠯᠯᠠᠭᠰᠠᠳ ᠴᠠᠭ ᠲᠤᠬᠠᠶ ᠳᠤ ᠨᠢ ᠠᠰᠠᠭᠤᠨ ᠯᠠᠪᠯᠠᠬᠤ ᠶᠢ ᠪᠠᠶᠠᠷᠯᠠᠨ ᠤᠭᠲᠤᠵᠤ ᠪᠠᠶᠢᠨ᠎ᠠ᠃     ᠨᠢᠭᠡ᠂ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠠᠭᠰᠠᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠶᠢᠨ ᠪᠠᠷᠢᠮᠵᠢᠶ᠎ᠠ     ︵ᠨᠢᠭᠡ︶ ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠲᠣᠰᠣ ᠰᠢᠲᠠᠭᠠᠬᠤ ᠬᠠᠭᠤᠴᠢᠷᠠᠭᠰᠠᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠨᠥᠬᠦᠪᠥᠷᠢ ᠶᠢᠨ ᠪᠠᠷᠢᠮᠵᠢᠶ᠎ᠠ ᠶᠢ ᠬᠦᠰᠦᠨᠦᠭᠲᠦ 1 ᠳᠤ ᠦᠵᠡ᠃     ︵ᠬᠤᠶᠠᠷ︶ ᠲᠡᠭᠡᠭᠡᠪᠦᠷᠢ ᠡᠵᠡᠩᠨᠡᠵᠦ ᠪᠠᠶᠢᠭ᠎ᠠ ᠬᠠᠭᠤᠴᠢᠷᠠᠭᠰᠠᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠶᠢᠨ ᠬᠠᠮᠲᠤ᠂ ᠰᠢᠨ᠎ᠡ ᠪᠠᠷ ᠲᠡᠭᠡᠭᠡᠪᠦᠷᠢ ᠡᠵᠡᠩᠨᠡᠬᠦ ᠪᠠᠷᠠᠭᠠᠨ ᠤ ᠲᠡᠷᠭᠡ ᠬᠤᠳᠠᠯᠳᠤᠨ ᠠᠪᠬᠤ ᠨᠥᠬᠦᠪᠥᠷᠢ ᠶᠢᠨ ᠪᠠᠷᠢᠮᠵᠢᠶ᠎ᠠ ᠶᠢ ᠳᠣᠣᠷᠠᠬᠢ ᠠᠷᠭ᠎ᠠ ᠪᠠᠷ ᠪᠣᠳᠣᠨ᠎ᠠ᠄     ᠬᠡᠷᠡᠭᠯᠡᠭᠡᠨ ᠠᠴᠠ ᠭᠠᠷᠭᠠᠬᠤ ᠪᠥᠭᠡᠳ ᠰᠢᠨ᠎ᠡ ᠪᠠᠷ ᠬᠤᠳᠠᠯᠳᠤᠨ ᠠᠪᠤᠭᠰᠠᠨ ᠤᠯᠤᠰ ᠤᠨ ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠲᠡᠭᠡᠭᠡᠪᠦᠷᠢ ᠡᠵᠡᠩᠨᠡᠬᠦ ᠴᠠᠶᠢᠶ᠋ᠢᠦ ᠲᠣᠰᠣ ᠰᠢᠳᠠᠭᠠᠬᠤ ᠪᠠᠷᠠᠭᠠᠨ ᠤ ᠲᠡᠷᠭᠡ ᠶᠢᠨ ᠨᠥᠬᠦᠪᠥᠷᠢ = ᠬᠠᠭᠤᠴᠢᠷᠠᠭᠰᠠᠨ ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠲᠣᠰᠣ ᠰᠢᠲᠠᠭᠠᠬᠤ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠨᠥᠬᠦᠪᠥᠷᠢ + ᠰᠢᠨ᠎ᠡ ᠪᠠᠷ ᠬᠤᠳᠠᠯᠳᠤᠨ ᠠᠪᠤᠭᠰᠠᠨ ᠤᠯᠤᠰ ᠤᠨ ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠲᠡᠭᠡᠭᠡᠪᠦᠷᠢ ᠡᠵᠡᠩᠨᠡᠬᠦ ᠴᠠᠶᠢᠶ᠋ᠢᠦ ᠲᠣᠰᠣ ᠰᠢᠳᠠᠭᠠᠬᠤ ᠪᠠᠷᠠᠭᠠᠨ ᠤ ᠲᠡᠷᠭᠡ ᠶᠢᠨ ᠨᠥᠬᠦᠪᠥᠷᠢ     ᠬᠡᠷᠡᠭᠯᠡᠭᠡᠨ ᠠᠴᠠ ᠭᠠᠷᠭᠠᠬᠤ ᠪᠥᠭᠡᠳ ᠰᠢᠨ᠎ᠡ ᠪᠠᠷ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢᠨ ᠨᠥᠬᠦᠪᠥᠷᠢ = ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠲᠣᠰᠣ ᠰᠢᠲᠠᠭᠠᠬᠤ ᠬᠠᠭᠤᠴᠢᠷᠠᠭᠰᠠᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠨᠥᠬᠦᠪᠥᠷᠢ + ᠰᠢᠨ᠎ᠡ ᠡᠨᠧᠷᠭᠢ ᠶᠢᠨ ᠲᠡᠭᠡᠭᠡᠪᠦᠷᠢ ᠡᠵᠡᠩᠨᠡᠬᠦ ᠪᠠᠷᠠᠭᠠᠨ ᠤ ᠲᠡᠷᠭᠡ ᠶᠢ ᠬᠤᠳᠠᠯᠳᠤᠨ ᠠᠪᠬᠤ ᠨᠥᠬᠦᠪᠥᠷᠢ     ᠡᠭᠦᠨ ᠳᠤ᠂ ᠰᠢᠨ᠎ᠡ ᠪᠠᠷ ᠬᠤᠳᠠᠯᠳᠤᠨ ᠠᠪᠤᠭᠰᠠᠨ ᠤᠯᠤᠰ ᠤᠨ ᠵᠢᠷᠭᠤᠳᠤᠭᠠᠷ ᠱᠠᠲᠤᠨ ᠤ ᠮᠠᠰᠢᠨ ᠲᠡᠷᠭᠡᠨ ᠤ ᠪᠤᠬᠢᠷᠲᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠲᠠᠢ ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠪᠤᠶᠤ ᠰᠢᠨ᠎ᠡ ᠡᠨᠧᠷᠭᠢ ᠶᠢᠨ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠬᠦᠰᠦᠨᠦᠭᠲᠦ 2 ᠲᠤ ᠦᠵᠡ᠃      ︵ᠭᠤᠷᠪᠠ︶ ᠵᠥᠪᠬᠡᠨ ᠰᠢᠨ᠎ᠡ ᠪᠠᠷ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠬᠤᠲᠠ ᠶᠢᠨ ᠬᠦᠶᠲᠡᠨ ᠬᠡᠯᠬᠢᠶᠡᠲᠦ ᠲᠣᠬᠢᠷᠠᠭᠤᠯᠤᠨ ᠬᠦᠷᠭᠡᠬᠦ ᠪᠠᠷᠠᠭᠠᠨ ᠤ ᠲᠡᠷᠭᠡ ᠶᠢᠨ ᠨᠥᠬᠦᠪᠥᠷᠢ ᠶᠢᠨ ᠪᠠᠷᠢᠮᠵᠢᠶ᠎ᠠ ᠨᠢ ᠲᠡᠷᠭᠡ ᠪᠦᠷᠢ 3.5 ᠲᠦᠮᠡᠨ ᠲᠥᠭᠦᠷᠢᠭ ᠪᠣᠯᠤᠨ᠎ᠠ᠃    ᠬᠦᠰᠦᠨᠦᠭᠲᠦ 1 ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠲᠣᠰᠣ ᠰᠢᠲᠠᠭᠠᠬᠤ ᠬᠠᠭᠤᠴᠢᠷᠠᠭᠰᠠᠨ ᠪᠠᠷᠠᠭᠠᠨ ᠤ ᠲᠡᠷᠭᠡ ᠶᠢ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠨᠥᠬᠦᠪᠥᠷᠢ ᠶᠢᠨ ᠪᠠᠷᠢᠮᠵᠢᠶ᠎ᠠ
         表1提前报废老旧营运柴油货车补贴标准.png   
   ᠬᠦᠰᠦᠨᠦᠭᠲᠦ 2 ᠲᠡᠭᠡᠭᠡᠪᠦᠷᠢ ᠡᠵᠡᠩᠨᠡᠵᠦ ᠪᠠᠶᠢᠭ᠎ᠠ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠪᠤᠶᠤ ᠰᠢᠨ᠎ᠡ ᠡᠨᠧᠷᠭᠢ  ᠶᠢᠨ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢᠨ ᠨᠥᠬᠦᠪᠥᠷᠢ ᠶᠢᠨ ᠪᠠᠷᠢᠮᠵᠢᠶ᠎ᠠ 
         表2新购营运货车补贴标准.png 
      ᠬᠤᠶᠠᠷ᠂ ᠶᠡᠭᠡ ᠬᠡᠪᠴᠢᠶ᠎ᠡ ᠪᠠᠷ ᠲᠥᠬᠦᠭᠡᠷᠦᠮᠵᠢ ᠰᠢᠨᠡᠳᠬᠡᠬᠦ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢᠨ ᠠᠰᠠᠭᠤᠨ ᠯᠠᠪᠯᠠᠬᠤ ᠤᠲᠠᠰᠤ       ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0471 - 2212016       ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0472 - 5909106       ᠬᠥᠯᠥᠨ ᠪᠣᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ 0470 - 8558956       ᠬᠢᠩᠭᠠᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0482 - 8213581       ᠲᠦᠩᠯᠢᠶᠣᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0475 - 8258740       ᠤᠯᠠᠭᠠᠨᠬᠠᠳᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0476 - 5890610       ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0479 - 8226599       ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0474 - 8981987       ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0477 - 8586817       ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0478 - 8788616       ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0473 - 2052032       ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 0483 - 8332886                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ              2024 ᠣᠨ ᠤ 8 ᠳ᠋ᠤᠭᠠᠷ ᠰᠠᠷ᠎ᠠ ᠶᠢᠨ 2 ᠤᠨ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号