ᠲᠦᠩᠯᠢᠶᠣᠤ ᠬᠤᠲᠠ ᠶᠢᠨ 2025 ᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠲᠥᠯᠥᠪᠯᠡᠭᠡ
ᠨᠡᠶᠢᠲᠡᠯᠡᠭᠰᠡᠨ ᠴᠠᠭ᠄
2024/8/7
   ᠳᠠᠭᠠᠭᠠᠴᠢᠯᠠᠯᠲᠠ ᠵᠠᠷᠯᠠᠬᠤ ᠠᠯᠪᠠᠨ ᠵᠠᠷ ᠤᠨ ᠮᠡᠳᠡᠭᠡ ᠵᠠᠩᠭᠢ            ᠲᠦᠩᠯᠢᠶᠣᠤ ᠬᠤᠲᠠ ᠶᠢᠨ 2025 ᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ     ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠲᠥᠯᠥᠪᠯᠡᠭᠡ    ᠨᠢᠭᠡ᠂ ᠲᠥᠷᠥᠯ ᠵᠦᠢᠯ ᠤᠨ ᠨᠡᠷᠡᠶᠢᠳᠦᠯ᠄ ᠲᠦᠩᠯᠢᠶᠣᠤ ᠬᠤᠲᠠ ᠶᠢᠨ 2025 ᠣᠨ ᠤ ᠡᠩ ᠤᠨ ᠤᠯᠤᠰ ᠤᠨ ᠭᠤᠤᠯ ᠱᠤᠭᠤᠮ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ    ᠬᠤᠶᠠᠷ᠂ ᠳᠠᠭᠠᠭᠠᠴᠢᠯᠠᠯᠲᠠ ᠵᠠᠷᠯᠠᠭᠴᠢ ᠶᠢᠨ ᠨᠡᠷᠡᠶᠢᠳᠦᠯ᠄ ᠲᠦᠩᠯᠢᠶᠣᠤ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ    ᠭᠤᠷᠪᠠ᠂ ᠪᠠᠯᠠ ᠣᠷᠣᠭᠤᠯᠬᠤ ᠪᠠᠷ ᠲᠥᠯᠥᠪᠯᠡᠵᠦ ᠪᠠᠶᠢᠭ᠎ᠠ ᠵᠣᠭᠤᠰ ᠤᠨ ᠲᠤᠭ᠎ᠠ᠄ ᠠᠷᠠᠳ ᠤᠨ ᠵᠣᠭᠤᠰ ᠪᠠᠷᠤᠭ 3 ᠳ᠋ᠦᠩᠰᠢᠭᠤᠷ ᠲᠥᠭᠦᠷᠢᠭ ᠪᠠᠶᠢᠵᠤ᠂ ᠪᠠᠯᠠ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠠᠯᠠ ᠮᠥᠩᠭᠦ         ︵ᠡᠴᠦᠰ ᠲᠤ ᠪᠠᠨ ᠪᠠᠷᠢᠯᠭ᠎ᠠ ᠶᠢᠨ ᠵᠢᠷᠤᠭ ᠤᠨ ᠴᠣᠬᠤᠯᠠᠪᠤᠷᠢ ᠪᠠᠷ ᠪᠠᠷᠢᠮᠵᠢᠶ᠎ᠠ ᠪᠣᠯᠭᠠᠨ᠎ᠠ︶᠃    ᠳᠥᠷᠪᠡ᠂ ᠲᠥᠷᠥᠯ ᠵᠦᠢᠯ ᠤᠨ ᠲᠦᠢᠮᠣ ᠪᠠᠶᠢᠳᠠᠯ ᠵᠢᠴᠢ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ 2025 ᠣᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠭᠰᠡᠨ ᠪᠥᠬᠦ ᠣᠷᠳᠣ ᠨᠢ 177.118 ᠺᠢᠯᠦᠮᠧᠲᠷ ᠪᠠᠶᠢᠵᠤ᠂ ᠡᠭᠦᠨ ᠳᠤ ᠤᠯᠤᠰ ᠤᠨ ᠵᠠᠮ ᠤᠨ 111 ᠱᠤᠭᠤᠮ 128.626 ᠺᠢᠯᠦᠮᠧᠲᠷ ︵ᠲᠣᠰ ᠲᠣᠰ ᠨᠠᠢᠮᠠᠨ ᠬᠤᠰᠢᠭᠤ᠂ ᠺᠠᠶᠢᠯᠦ ᠰᠢᠶᠠᠨ᠂ ᠬᠤᠷᠴᠢᠨ ᠲᠣᠭᠤᠷᠢᠭ ᠤᠨ ᠬᠢᠯᠢ ᠳᠣᠲᠣᠷ᠎ᠠ ᠪᠣᠶ︶᠂ ᠤᠯᠤᠰ ᠤᠨ ᠵᠠᠮ ᠤᠨ 304 ᠱᠤᠭᠤᠮ 9.375 ᠺᠢᠯᠦᠮᠧᠲᠷ ︵ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠳᠣᠲᠣᠷ᠎ᠠ ᠪᠣᠶ︶᠂ ᠮᠤᠵᠢ ᠶᠢᠨ ᠵᠠᠮ ᠤᠨ 304 ᠱᠤᠭᠤᠮ 35.617 ᠺᠢᠯᠦᠮᠧᠲᠷ ︵ᠺᠠᠶᠢᠯᠦ ᠰᠢᠶᠠᠨ ᠤ ᠬᠢᠯᠢ ᠳᠣᠲᠣᠷ᠎ᠠ ᠪᠣᠶ︶᠂ ᠮᠤᠵᠢ ᠶᠢᠨ ᠵᠠᠮ 305 ᠱᠤᠭᠤᠮ 3.5 ᠺᠢᠯᠦᠮᠧᠲᠷ ︵ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠳᠣᠲᠣᠷ᠎ᠠ ᠪᠣᠶ︶᠂ ᠵᠠᠰᠠᠮᠠᠯ ᠵᠠᠮ ᠤᠨ ᠲᠠᠰ ᠨᠢ ᠴᠥᠮ ᠬᠤᠶᠠᠳᠤᠭᠠᠷ ᠳᠡᠰ ᠤᠨ ᠵᠠᠰᠠᠮᠠᠯ ᠵᠠᠮ᠂ ᠵᠠᠮ ᠤᠨ ᠭᠠᠳᠠᠷᠭᠤ ᠶᠢᠨ ᠥᠷᠭᠡᠨ ᠨᠢ 9 ᠮᠧᠲᠷ ᠠᠴᠠ 10.5 ᠮᠧᠲᠷ ᠪᠠᠶᠢᠵᠤ᠂ ᠴᠢᠳᠠᠮᠵᠢ ᠶᠢᠨ ᠴᠢᠨᠠᠷᠲᠠᠶ ᠵᠠᠰᠠᠨ ᠰᠡᠷᠭᠦᠭᠡᠬᠦ ᠪᠠ ᠪᠦᠲᠦᠴᠡ ᠶᠢᠨ ᠴᠢᠨᠠᠷᠲᠠᠶ ᠵᠠᠰᠠᠨ ᠰᠡᠷᠭᠦᠭᠡᠬᠦ ᠢᠨᠵᠧᠨᠧᠷᠢᠩ ᠪᠣᠯᠤᠨ᠎ᠠ᠃ ᠭᠤᠣᠯ ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ ᠵᠠᠮ ᠤᠨ ᠭᠠᠳᠠᠷᠭᠤ ᠶᠢᠨ ᠭᠡᠮ ᠤᠨ ᠬᠥᠨᠥᠭᠡᠯ᠂ ᠪᠦᠷᠬᠦᠭᠦᠯ ᠢ ᠰᠢᠢᠳᠪᠦᠷᠢᠯᠡᠬᠦ᠂ ᠰᠠᠭᠤᠷᠢ ᠶᠢᠨ ᠳᠠᠪᠬᠤᠷᠭ᠎ᠠ ᠶᠢ ᠨᠦᠬᠦᠨ ᠪᠠᠬᠢᠵᠢᠭᠦᠯᠬᠦ᠂ ᠰᠠᠭᠤᠷᠢ ᠶᠢᠨ ᠳᠠᠪᠬᠤᠷᠭ᠎ᠠ ᠪᠠ ᠭᠠᠳᠠᠷᠭᠤ ᠶᠢᠨ ᠳᠠᠪᠬᠤᠷᠭ᠎ᠠ ᠶᠢ ᠨᠦᠬᠦᠪᠦᠷᠢᠯᠡᠬᠦ᠂ ᠵᠠᠮ ᠤᠨ ᠰᠠᠭᠤᠷᠢ ᠪᠠ ᠭᠠᠳᠠᠷᠭᠤ ᠶᠢᠨ ᠤᠰᠤ ᠵᠠᠯᠠᠬᠤ᠂ ᠬᠥᠭᠦᠷᠭᠡ ᠶᠢᠨ ᠭᠠᠳᠠᠷᠭᠤ ᠶᠢ ᠳᠡᠪᠢᠰᠴᠦ ᠰᠡᠯᠪᠢᠨ ᠵᠠᠰᠠᠬᠤ᠂ ᠵᠠᠮ ᠳᠠᠭᠠᠤ ᠶᠢᠨ ᠵᠠᠮ ᠬᠠᠷᠢᠯᠴᠠᠭᠠᠨ ᠤ ᠠᠶᠦᠯᠭᠦᠢ ᠶᠢᠨ ᠲᠥᠬᠦᠭᠡᠷᠦᠮᠵᠢ ᠶᠢ ᠰᠡᠷᠭᠦᠭᠡᠬᠦ ᠵᠢᠴᠢ ᠨᠡᠮᠡᠬᠦ ᠵᠡᠷᠭᠡ ᠪᠣᠯᠤᠨ᠎ᠠ ᠃    ᠲᠠᠪᠤ᠂ ᠲᠦᠯᠦᠪᠯᠡᠭᠰᠡᠨ ᠠᠵᠢᠯ ᠤᠨ ᠬᠤᠭᠤᠴᠠᠭ᠎ᠠ᠄ ᠪᠣᠳᠠᠲᠠᠶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠲᠤ ᠨᠠᠷᠢᠨ ᠦᠵᠡ᠃    ᠵᠢᠷᠭᠤᠭ᠎ᠠ᠂ ᠲᠦᠯᠦᠪᠯᠡᠭᠰᠡᠨ ᠳᠠᠭᠠᠭᠠᠴᠢᠯᠠᠯᠲᠠ ᠵᠠᠷᠯᠠᠬᠤ ᠴᠠᠭ᠄ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠶᠢ ᠵᠢᠱᠢᠯᠲᠡ ᠪᠠᠷ 2024 ᠣᠨ ᠤ 8 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠳᠤ ᠳᠠᠭᠠᠭᠠᠴᠢᠯᠠᠯᠲᠠ ᠵᠠᠷᠯᠠᠵᠤ᠂ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠶᠢ ᠵᠢᠱᠢᠯᠲᠡ ᠪᠠᠷ 2025 ᠣᠨ ᠤ 2 ᠳ᠋ᠤᠭᠠᠷ ᠰᠠᠷ᠎ᠠ ᠠᠴᠠ 3 ᠳ᠋ᠤᠭᠠᠷ ᠰᠠᠷ᠎ᠠ ᠳᠤ ᠳᠠᠭᠠᠭᠠᠴᠢᠯᠠᠯᠲᠠ ᠵᠠᠷᠯᠠᠵᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠲᠤᠷᠰᠢᠯᠲᠠ ᠶᠢᠨ ᠪᠠᠶᠢᠴᠠᠭᠠᠨ ᠬᠡᠮᠵᠢᠬᠦ ᠵᠡᠷᠭᠡ ᠶᠢ ᠵᠢᠱᠢᠯᠲᠡ ᠪᠠᠷ 2025 ᠣᠨ ᠤ 4 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠳᠤ ᠳᠠᠭᠠᠭᠠᠴᠢᠯᠠᠯᠲᠠ ᠵᠠᠷᠯᠠᠨ᠎ᠠ᠃    ᠳᠣᠯᠤᠭ᠎ᠠ᠂ ᠳᠠᠭᠠᠭᠠᠴᠢᠯᠠᠯᠲᠠ ᠵᠠᠷᠯᠠᠭᠴᠢ ᠶᠢᠨ ᠬᠠᠷᠢᠯᠴᠠᠬᠤ ᠬᠥᠮᠦᠨ᠄ ᠴᠠᠩ ᠶᠢᠩ   ᠬᠠᠷᠢᠯᠴᠠᠬᠤ ᠤᠲᠠᠰᠤ᠄ 0475 - 8236325    ᠨᠠᠢᠮᠠ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠨᠡᠷᠡᠶᠢᠳᠦᠯ᠄ ᠲᠦᠩᠯᠢᠶᠣᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ     ᠵᠠᠭᠠᠯᠳᠤᠬᠤ ᠤᠲᠠᠰᠤ᠄ 0475 - 8255001    ᠶᠢᠰᠦ᠂ ᠪᠤᠰᠤᠳ ᠲᠣᠳᠣᠷᠬᠠᠶᠢᠯᠠᠬᠤ ᠴᠢᠬᠤᠯᠠᠲᠠᠶ ᠵᠦᠢᠯᠡᠰ᠄ ᠳᠡᠭᠡᠷᠡᠬᠢ ᠠᠭᠤᠯᠭ᠎ᠠ ᠨᠢ ᠵᠥᠪᠬᠡᠨ ᠨᠢᠭᠤᠭᠳᠠᠮᠠᠯ ᠳᠠᠭᠠᠭᠠᠴᠢᠯᠠᠯᠲᠠ ᠬᠦᠯᠢᠶᠡᠭᠴᠢ ᠶᠢᠨ ᠬᠤᠪᠢ ᠳᠤ ᠲᠥᠷᠥᠯ ᠵᠦᠢᠯ ᠢ ᠤᠷᠢᠳᠴᠢᠯᠠᠨ ᠣᠶᠢᠯᠠᠭᠠᠬᠤ ᠳᠤ ᠯᠠᠪᠯᠠᠯᠲᠠ ᠪᠣᠯᠭᠠᠵᠤ᠂ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠪᠣᠳᠠᠲᠠᠶ ᠮᠡᠳᠡᠭᠡ ᠵᠠᠩᠭᠢ ᠶᠢ ᠳᠠᠭᠠᠭᠠᠴᠢᠯᠠᠯᠲᠠ ᠵᠠᠷᠯᠠᠭᠴᠢ ᠶᠢᠨ ᠨᠡᠶᠢᠲᠡᠯᠡᠭᠰᠡᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃               ᠲᠦᠩᠯᠢᠶᠣᠣ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ            2024 ᠣᠨ ᠤ 8 ᠳ᠋ᠤᠭᠠᠷ ᠰᠠᠷ᠎ᠠ ᠶᠢᠨ 6᠎ ᠤ ᠡᠳᠦᠷ    ᠳᠠᠭᠠᠯᠳᠤᠭᠤᠯᠤᠯ᠄ ᠳᠠᠭᠠᠭᠠᠴᠢᠯᠠᠯᠲᠠ ᠵᠠᠷᠯᠠᠬᠤ ᠲᠦᠯᠦᠪᠯᠡᠭᠡ ᠶᠢᠨ ᠠᠯᠪᠠᠨ ᠵᠠᠷ ᠤᠨ ᠠᠭᠤᠯᠭ᠎ᠠ pdf
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号