ᠣᠶᠢᠷ᠎ᠠ ᠳᠤ᠂ ᠲᠦᠷᠦᠭᠦᠦ ᠪᠦᠯᠦᠭ 20 ᠰᠢᠨ᠎ᠡ ᠡᠨᠧᠷᠭᠢ ᠶᠢᠨ ︽ᠲᠣᠭᠤᠷᠢᠨ ᠵᠤᠭᠠᠴᠠᠬᠤ ᠳᠦᠷᠢᠶᠡᠰᠤᠨ | ᠮᠠᠰᠢᠨ ᠲᠡᠷᠭᠡ ᠪᠠ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ ᠠᠭᠤᠰᠤᠯᠴᠠᠭᠤᠯᠬᠤ︾ ᠵᠠᠬᠢᠶᠠᠯᠠᠭ᠎ᠠ ᠶᠢᠨ | ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠲᠤ | ᠵᠢᠩᠬᠢᠨᠢ ᠪᠠᠷ ᠠᠰᠢᠭᠯᠠᠯᠲᠠ ᠳᠤ ᠣᠷᠣᠪᠠ᠃ | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠨᠡᠳᠬᠡᠭᠰᠡᠨ ᠲᠡᠷᠭᠡ ᠪᠣᠯ ᠲᠤᠰᠬᠠᠶᠢᠯᠠᠨ ︽ᠲᠣᠭᠤᠷᠢᠨ | ᠵᠤᠭᠠᠴᠠᠬᠤ ᠳᠦᠷᠢᠶᠡᠰᠤᠨ ᠮᠠᠰᠢᠨ ᠲᠡᠷᠭᠡ ᠪᠠ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ ᠠᠭᠤᠰᠤᠯᠴᠠᠭᠤᠯᠬᠤ︾ | ᠳᠤ ᠴᠢᠭᠯᠡᠭᠦᠯᠦᠭᠰᠡᠨ ᠭᠦᠨᠵᠡᠭᠡᠶ ᠵᠠᠬᠢᠶᠠᠯᠠᠭ᠎ᠠ ᠶᠢᠨ ᠦᠶᠯᠡᠳᠬᠦᠨ ᠪᠣᠯᠤᠨ᠎ᠠ᠂ ᠴᠥᠮ SUV ᠬᠡᠯᠪᠡᠷᠢ ᠶᠢᠨ ᠲᠡᠷᠭᠡ | ᠶᠢ ᠬᠡᠷᠡᠭᠯᠡᠵᠦ᠂ ᠲᠡᠷᠭᠡᠨ ᠳᠤ ᠰᠠᠭᠤᠬᠤ ᠲᠠᠭᠠᠯᠠᠮᠵᠢᠲᠠᠶ ᠴᠢᠨᠠᠷ ᠨᠢ ᠨᠠᠩ ᠴᠢᠩᠭ᠎ᠠ ᠪᠣᠯᠵᠣ᠂ ᠪᠡᠯᠡᠳᠬᠡᠯ ᠬᠠᠶᠢᠷᠴᠠᠭ | ᠲᠤ ᠠᠴᠢᠶᠠᠯᠠᠬᠤ ᠪᠣᠳᠠᠰ ᠤᠨ ᠬᠡᠮᠵᠢᠶ᠎ᠡ ᠨᠢ ᠴᠦ ᠢᠯᠡᠳᠲᠡ ᠨᠡᠮᠡᠭᠳᠡᠪᠡ᠃ ︽ᠲᠣᠭᠤᠷᠢᠨ ᠵᠤᠭᠠᠴᠠᠬᠤ ᠳᠦᠷᠢᠶᠡᠰᠤᠨ | ᠮᠠᠰᠢᠨ ᠲᠡᠷᠭᠡ ᠪᠠ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ ᠠᠭᠤᠰᠤᠯᠴᠠᠭᠤᠯᠬᠤ︾ ᠲᠦᠷᠢᠶᠡᠰᠦᠨ ᠮᠠᠰᠢᠨ | ᠲᠡᠷᠭᠡ ᠨᠢ ᠪᠠᠰᠠ ᠬᠠᠮᠤᠭ ᠤᠨ ᠰᠢᠨ᠎ᠡ ᠲᠡᠷᠭᠡᠨ ᠳᠡᠭᠡᠷᠡᠬᠢ ᠡᠯᠧᠺᠲᠷᠣᠨ ᠰᠢᠰᠲ᠋ᠧᠮ ᠢ ᠠᠴᠢᠶᠠᠯᠠᠵᠤ᠂ ᠰᠦᠯᠵᠢᠶᠡᠨ | ᠭᠠᠳᠠᠨ᠎ᠠ ᠬᠠᠭᠤᠳᠠᠰᠤ ᠲᠤᠰᠬᠤ ᠪᠠ ᠰᠦᠯᠵᠢᠶᠡᠨ ᠳᠡᠭᠡᠷ᠎ᠡ ᠬᠠᠭᠤᠳᠠᠰᠤ ᠬᠦᠯᠢᠶᠡᠬᠦ ᠶᠢᠨ ᠮᠥᠷᠭᠦᠯᠳᠦᠭᠡᠨ ᠤ | ᠠᠰᠠᠭᠤᠳᠠᠯ ᠢ ᠰᠢᠢᠳᠪᠦᠷᠢᠯᠡᠵᠦ᠂ ᠵᠢᠯᠣᠭᠤᠴᠢ ᠰᠦᠯᠵᠢᠶᠡᠨ ᠭᠠᠳᠠᠨ᠎ᠠ ᠠᠶᠠᠨᠴᠢᠳ ᠢ ᠲᠡᠭᠡᠭᠡᠬᠦ ᠦᠶ᠎ᠡ ᠳᠤ᠂ | ᠰᠢᠰᠲ᠋ᠧᠮ ᠨᠢ ᠰᠦᠯᠵᠢᠶᠡᠨ ᠳᠡᠭᠡᠷ᠎ᠡ ᠬᠠᠭᠤᠳᠠᠰᠤ ᠲᠣᠰᠬᠤ ᠪᠠᠨ ᠠᠶᠠᠨᠳᠠᠭᠠᠨ ᠵᠣᠭᠰᠣᠬᠤ ᠶᠢᠨ ᠬᠠᠮᠲᠤ ᠲᠡᠷᠭᠡᠨ | ᠣᠷᠣᠶ ᠶᠢᠨ LED ᠳᠡᠯᠭᠡᠴᠡ ᠳᠡᠭᠡᠷ᠎ᠡ ᠠᠶᠠᠨᠴᠢᠳ ᠲᠡᠭᠡᠭᠡᠬᠦ ᠪᠠᠶᠢᠳᠠᠯ ᠢ ᠢᠯᠡᠷᠡᠭᠦᠯᠵᠦ᠂ ᠣᠯᠠᠨ ᠲᠦᠮᠡᠨ ᠤ ᠲᠡᠷᠭᠡ | ᠬᠡᠷᠡᠭᠯᠡᠬᠦ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠲᠡᠷᠭᠡᠨ ᠤ ᠬᠤᠭᠤᠰᠣᠨ ᠭᠦᠶᠦᠬᠦ ᠨᠣᠷᠮ᠎ᠠ ᠶᠢ | ᠪᠠᠭᠤᠷᠠᠭᠤᠯᠵᠤ᠂ ᠵᠢᠯᠣᠭᠤᠴᠢ ᠶᠢᠨ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | | | ᠣᠶᠢᠯᠠᠭᠠᠭᠰᠠᠨ ᠢᠶᠠᠷ᠂ ᠡᠨᠡ ᠪᠦᠯᠦᠭ ᠲᠡᠷᠭᠡ ᠪᠣᠯ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠴᠣᠷ ᠤᠨ | ᠭᠠᠭᠴᠠ ᠡᠵᠡᠩᠨᠡᠯᠲᠡ ᠳᠤ ᠣᠷᠣᠭᠤᠯᠤᠭᠰᠠᠨ ︽ᠲᠣᠭᠤᠷᠢᠨ ᠵᠤᠭᠠᠴᠠᠬᠤ ᠳᠦᠷᠢᠶᠡᠰᠤᠨ ᠮᠠᠰᠢᠨ ᠲᠡᠷᠭᠡ ᠪᠠ | ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ ᠠᠭᠤᠰᠤᠯᠴᠠᠭᠤᠯᠬᠤ︾ ᠲᠤᠰᠬᠠᠶ ᠬᠡᠷᠡᠭᠯᠡᠬᠦ ᠲᠡᠷᠭᠡ ᠪᠣᠯᠤᠨ᠎ᠠ᠃ | ᠣᠷᠳᠣᠰ ᠬᠤᠲᠠ ᠶᠢᠨ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠰᠢᠨᠡᠳᠬᠡᠬᠦ | ᠠᠵᠢᠯ ᠲᠦᠷᠭᠡᠨ ᠠᠭᠢᠬᠤ ᠶᠢ ᠳᠠᠭᠠᠯᠳᠤᠨ᠂ ᠣᠶᠢᠷ᠎ᠠ ᠳᠤ ᠪᠠᠰᠠ ᠨᠢᠭᠡ ᠪᠦᠯᠦᠭ ᠴᠣ ᠰᠢᠨ᠎ᠡ ᠴᠡᠪᠡᠷ ᠴᠠᠬᠢᠯᠭᠠᠨ ᠤ | ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠵᠡᠭᠡᠯᠢ ᠳᠡᠭᠡᠷ᠎ᠡ ᠭᠠᠷᠴᠤ᠂ ᠳᠤᠯᠠᠭᠠᠨ ᠬᠤᠲᠠ ᠶᠢᠨ ᠵᠡᠭᠡᠯᠢ | ᠳᠡᠭᠡᠷ᠎ᠡ ᠴᠦ ᠨᠠᠩ ᠣᠯᠠᠨ ᠬᠤᠲᠠ ᠶᠢᠨ ᠨᠡᠭᠦᠳᠡᠯ ᠰᠢᠨ᠎ᠡ ︽ᠨᠡᠷ᠎ᠡ ᠶᠢᠨ ᠬᠠᠭᠤᠳᠠᠰᠤ︾ ᠢᠯᠡᠷᠡᠬᠦ ᠪᠣᠯᠤᠨ᠎ᠠ᠃ | |