ᠪᠠᠶᠠᠨᠨᠠᠭᠤᠷ ᠬᠤᠲᠠ ᠶᠢᠨ ᠶᠡᠷᠦᠩᠬᠡᠶ ᠤᠰᠤ ᠵᠠᠯᠠᠬᠤ ᠰᠤᠪᠠᠭ ᠤᠨ ᠳᠠᠯᠠᠩ ᠤᠨ ᠵᠠᠰᠠᠮᠠᠯ ᠵᠠᠮ ᠢ ︽ᠬᠠᠢ ᠸᠠᠩ ᠵᠠᠮ︾ ᠭᠡᠵᠦ ᠵᠢᠩᠬᠢᠨᠢ ᠪᠠᠷ ᠨᠡᠷᠡᠯᠡᠪᠡ
ᠨᠡᠶᠢᠲᠡᠯᠡᠭᠰᠡᠨ ᠴᠠᠭ᠄
2024/9/11
    ᠣᠶᠢᠷ᠎ᠠ ᠳᠤ᠂ ᠪᠠᠶᠠᠨᠨᠠᠭᠤᠷ ᠬᠤᠲᠠ ᠶᠢᠨ ᠶᠡᠷᠦᠩᠬᠡᠶ ᠤᠰᠤ ᠵᠠᠯᠠᠬᠤ ᠭᠤᠤᠯ ᠰᠤᠪᠠᠭ ᠤᠨ ᠳᠠᠯᠠᠩ ᠤᠨ ᠵᠠᠰᠠᠮᠠᠯ ᠵᠠᠮ ᠢ ︽ᠬᠠᠢ ᠸᠠᠩ ᠵᠠᠮ︾ ᠭᠡᠵᠦ ᠵᠢᠩᠬᠢᠨᠢ ᠪᠠᠷ ᠨᠡᠷᠡᠯᠡᠪᠡ᠃    ᠶᠡᠷᠦᠩᠬᠡᠶ ᠤᠰᠤ ᠵᠠᠯᠠᠬᠤ ᠰᠤᠪᠠᠭ ᠤᠨ ᠳᠠᠯᠠᠩ ᠤᠨ ᠵᠠᠰᠠᠮᠠᠯ ᠵᠠᠮ ᠤᠨ ᠪᠦᠬᠦ ᠣᠷᠳᠣ ᠨᠢ 206.655 ᠺᠢᠯᠦᠮᠧᠲᠷ᠂ ᠶᠡᠷᠦᠩᠬᠡᠶ ᠤᠰᠤ ᠵᠠᠯᠠᠬᠤ ᠰᠤᠪᠠᠭ ᠤᠨ ᠵᠡᠭᠦᠨ ᠦᠵᠦᠭᠦᠷ ᠤᠨ ᠬᠤᠩ ᠭᠧ ᠪᠥᠸᠧ ᠤᠰᠤ ᠲᠠᠲᠠᠬᠤ ᠥᠷᠲᠡᠭᠡ ᠳᠤ ᠪᠠᠶᠢᠷᠢᠯᠠᠵᠤ᠂ ᠡᠴᠦᠰ ᠤᠨ ᠴᠡᠭ ᠨᠢ ᠶᠡᠷᠦᠩᠬᠡᠶ ᠤᠰᠤ ᠵᠠᠯᠠᠬᠤ ᠰᠤᠪᠠᠭ ᠤᠨ ᠪᠠᠷᠠᠭᠤᠨ ᠦᠵᠦᠭᠦᠷ ᠤᠨ ᠬᠠᠩᠭᠢᠨ ᠬᠤᠶᠢᠲᠤ ᠬᠤᠰᠢᠭᠤᠨ ᠤ ᠶᠦᠩ ᠮᠢᠩ ᠬᠠᠶ ᠽᠢ ᠭᠠᠵᠠᠷ ᠤᠨ ᠮᠤᠵᠢ ᠶᠢᠨ ᠵᠠᠮ 311᠎ ᠲᠠᠢ ᠵᠠᠯᠭᠠᠯᠳᠤᠵᠤ᠂ 7 ᠬᠤᠰᠢᠭᠤ ᠰᠢᠶᠠᠨ ᠲᠣᠭᠤᠷᠢᠭ᠂ 63 ᠰᠤᠮᠤ ᠰᠢᠶᠠᠩ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ 120 ᠲᠦᠮᠡ ᠣᠷᠴᠢᠮ ᠬᠥᠮᠦᠨ ᠠᠮᠠ ᠳᠤ ᠠᠰᠢᠭ ᠬᠦᠷᠲᠡᠭᠡᠪᠡ᠃ ᠡᠨᠡ ᠵᠢᠯ ᠤᠨ 7 ᠳ᠋ᠤᠭᠠᠷ ᠰᠠᠷ᠎ᠠ ᠶᠢᠨ ᠰᠡᠭᠦᠯᠴᠢ ᠪᠠᠷ ᠪᠦᠬᠦ ᠱᠤᠭᠤᠮ ᠢᠶᠠᠷ ᠨᠡᠪᠲᠡᠷᠡᠵᠦ᠂ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠦᠬᠦ ᠱᠤᠭᠤᠮ ᠢᠶᠠᠷ ᠢᠶᠠᠨ ᠲᠡᠷᠭᠡ ᠨᠡᠪᠲᠡᠷᠡᠵᠦ᠂ ᠣᠳᠣᠬᠠᠨ ᠳᠤ ᠶᠠᠭ ᠵᠠᠮ ᠬᠠᠷᠢᠯᠴᠠᠭᠠᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号