︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠪᠤᠭᠤᠲᠤ ᠠᠴᠠ ᠢᠷᠭᠠᠶ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠦᠬᠠᠶ ᠶᠢᠨ ᠣᠨᠴᠠ ᠶᠡᠭᠡ ᠬᠥᠭᠦᠷᠭᠡ ᠶᠢᠨ ᠬᠠᠮᠤᠭ ᠤᠨ ᠶᠡᠭᠡ ᠠᠯᠭᠠᠰᠠᠭᠰᠠᠨ ᠦᠷᠭᠦᠯᠵᠢᠯᠡᠭᠰᠡᠨ ᠨᠢᠷᠤᠭᠤ ᠶᠢ ᠠᠮᠵᠢᠯᠲᠠ ᠲᠠᠢ ᠨᠡᠶᠢᠯᠡᠭᠦᠯᠪᠡ
ᠨᠡᠶᠢᠲᠡᠯᠡᠭᠰᠡᠨ ᠴᠠᠭ᠄
2024/9/13
     9 ᠳ᠋ᠦ᠋ᠭᠡᠷ ᠰᠠᠷ᠎ᠠ ᠶᠢᠨ 11 ᠤ ᠡᠳᠦᠷ ᠤᠨ 14 ᠴᠠᠭ ᠲᠤ᠂ ᠪᠧᠲ᠋ᠤᠨ ᠢ ᠠᠮᠵᠢᠯᠲᠠ ᠲᠠᠢ ᠪᠠᠷ ᠴᠢᠳᠬᠤᠵᠤ ᠳᠠᠭᠤᠰᠬᠠᠬᠤ ᠶᠢ ᠳᠠᠭᠠᠯᠳᠤᠨ᠂ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ ᠲᠡᠮᠦᠷ ᠵᠠᠮ ︵ᠳᠣᠷᠣᠭᠰᠢ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠭᠡᠵᠦ ᠲᠣᠪᠴᠢᠯᠠᠨ᠎ᠠ︶ ᠤᠨ ᠦᠬᠠᠶ ᠶᠢᠨ ᠣᠨᠴᠠ ᠶᠡᠭᠡ ᠬᠥᠭᠦᠷᠭᠡ ᠶᠢᠨ ᠬᠠᠮᠤᠭ ᠤᠨ ᠶᠡᠭᠡ ᠠᠯᠭᠠᠰᠠᠭᠰᠠᠨ ᠦᠷᠭᠦᠯᠵᠢᠯᠡᠭᠰᠡᠨ ᠨᠢᠷᠤᠭᠤ ᠶᠢ ᠠᠮᠵᠢᠯᠲᠠ ᠲᠠᠢ ᠨᠡᠶᠢᠯᠡᠭᠦᠯᠵᠦ᠂ ᠲᠠᠷᠠᠭᠠᠴᠢ ᠶᠢᠨ ᠣᠨᠴᠠ ᠶᠡᠭᠡ ᠬᠥᠭᠦᠷᠭᠡ ᠶᠢᠨ ᠠᠪᠳᠠᠷᠯᠢᠭ ᠨᠢᠷᠤᠭᠤ ᠶᠢ ᠲᠠᠯᠪᠢᠬᠤ ᠪᠠ ᠵᠠᠮ ᠲᠡᠮᠦᠷ ᠳᠡᠪᠢᠰᠬᠦ ᠪᠠᠷᠢᠯᠭ᠎ᠠ ᠳᠤ ᠠᠰᠢᠭᠲᠠᠶ ᠨᠥᠬᠦᠴᠡᠯ ᠢ ᠡᠭᠦᠳᠴᠦ ᠥᠭᠪᠡ᠃
202409131730.jpg
     9 ᠳ᠋ᠦ᠋ᠭᠡᠷ ᠰᠠᠷ᠎ᠠ ᠶᠢᠨ 11 ᠤ ᠡᠳᠦᠷ᠂ ᠨᠡᠶᠢᠯᠡᠭᠦᠯᠵᠦ ᠪᠠᠶᠢᠭ᠎ᠠ ᠦᠬᠠᠶ ᠶᠢᠨ ᠣᠨᠴᠠ ᠶᠡᠭᠡ ᠬᠥᠭᠦᠷᠭᠡ        ︵ᠦ᠋ ᠱᠣᠤ ᠳ᠋ᠦᠩ ᠰᠡᠭᠦᠳᠡᠷᠯᠡᠪᠡ︶     ᠦᠬᠠᠶ ᠶᠢᠨ ᠣᠨᠴᠠ ᠶᠡᠭᠡ ᠬᠥᠭᠦᠷᠭᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠢᠯᠢ ᠳᠤ ᠪᠠᠶᠢᠷᠢᠯᠠᠵᠤ᠂ ᠪᠥᠬᠦ ᠣᠷᠳᠣ ᠨᠢ 6101.51 ᠮᠧᠲᠷ᠂ ᠬᠤᠤᠰ ᠱᠤᠭᠤᠮ ᠤᠨ ᠣᠨᠴᠠ ᠶᠡᠭᠡ ᠬᠥᠭᠦᠷᠭᠡ ᠪᠣᠯᠤᠨ᠎ᠠ᠂ ᠦᠬᠠᠶ ᠶᠢᠨ ᠵᠡᠭᠦᠨ ᠥᠷᠲᠡᠭᠡ ᠶᠢ ᠳᠤᠭᠤᠯᠵᠤ᠂ ᠦᠬᠠᠶ ᠬᠤᠲᠠ ᠶᠢᠨ ᠬᠠᠶ ᠪᠧᠶ ᠶᠡᠭᠡ ᠵᠡᠭᠡᠯᠢ ᠭᠤᠳᠤᠮᠵᠢ ᠶᠢᠨ ᠵᠠᠮ᠂ ᠦᠵᠦᠴᠢᠨ ᠵᠠᠮ᠂ ᠵᠦᠸᠧᠽᠢ ᠱᠠᠨ ᠵᠡᠭᠡᠯᠢ ᠭᠤᠳᠤᠮᠵᠢ ᠶᠢᠨ ᠵᠠᠮ᠂ ᠭᠠᠨᠳᠠᠷ ᠵᠡᠭᠡᠯᠢ ᠭᠤᠳᠤᠮᠵᠢ ᠶᠢᠨ ᠵᠠᠮ᠂ ᠬᠠᠶ ᠳ᠋ᠠ ᠵᠡᠭᠡᠯᠢ ᠭᠤᠳᠤᠮᠵᠢ ᠶᠢᠨ ᠵᠠᠮ ᠢ ᠠᠯᠤᠰᠯᠠᠵᠤ᠂ ᠶᠡᠭᠡ ᠬᠥᠭᠦᠷᠭᠡ ᠶᠢᠨ ᠵᠢᠷᠤᠭ ᠲᠥᠯᠥᠪᠯᠡᠭᠡ ᠶᠢᠨ ᠳᠠᠭᠠᠭᠠᠬᠤ ᠲᠠᠶᠢᠰᠠ 192 ᠰᠠᠭᠤᠷᠢ᠂ ᠪᠦᠭᠡᠷᠡᠩᠬᠡᠢ ᠦᠵᠦᠭᠦᠷᠲᠦ ᠬᠡᠯᠪᠡᠷᠢ ᠶᠢᠨ ᠪᠣᠳᠠᠲᠤ ᠴᠣᠭᠴᠠ ᠶᠢᠨ ᠲᠤᠯᠭᠠᠭᠤᠷᠢ 178 ᠰᠠᠭᠤᠷᠢ᠂ ᠬᠤᠷᠰᠢᠮᠠᠯ ᠡᠭᠦᠳᠡ ᠮᠠᠶ᠋ᠢᠭ ᠤᠨ ᠵᠢᠶᠠᠰᠠ ᠲᠤᠯᠭᠠᠭᠤᠷᠢ 7 ᠰᠠᠭᠤᠷᠢ ᠪᠣᠶ᠃ ᠲᠣᠰ ᠤᠳᠠᠭᠠᠨ ᠤ ᠨᠡᠶᠢᠯᠡᠭᠦᠯᠦᠭᠰᠡᠨ ᠦᠷᠭᠦᠯᠵᠢᠯᠡᠭᠰᠡᠨ ᠨᠢᠷᠤᠭᠤ ᠶᠢᠨ ᠪᠥᠬᠦ ᠣᠷᠳᠣ ᠨᠢ 221.5 ᠮᠧᠲᠷ ᠪᠠᠶᠢᠵᠤ᠂ ᠦᠬᠠᠶ ᠶᠢᠨ ᠣᠨᠴᠠ ᠶᠡᠭᠡ ᠬᠥᠭᠦᠷᠭᠡ ᠶᠢᠨ ᠠᠯᠭᠠᠰᠠᠭᠰᠠᠨ ᠬᠡᠮᠵᠢᠶ᠎ᠡ ᠪᠠᠷ ᠬᠠᠮᠤᠭ ᠤᠨ ᠶᠡᠭᠡ ᠦᠷᠭᠦᠯᠵᠢᠯᠡᠭᠰᠡᠨ ᠨᠢᠷᠤᠭᠤ ᠪᠣᠯᠤᠨ᠎ᠠ᠃
202409131731.jpg
     ᠪᠠᠷᠢᠯᠭ᠎ᠠ ᠶᠢᠨ ᠠᠵᠢᠯᠲᠠᠳ ᠣᠳᠣ ᠶᠠᠭ ᠪᠧᠲ᠋ᠤᠨ ᠴᠢᠳᠬᠤᠬᠤ ᠠᠵᠢᠯ ᠬᠢᠵᠦ ᠪᠠᠶᠢᠨ᠎ᠠ ︵ᠦ᠋ ᠱᠣᠤ ᠳ᠋ᠦᠩ ᠰᠡᠭᠦᠳᠡᠷᠯᠡᠪᠡ︶        ᠦᠷᠭᠦᠯᠵᠢᠯᠡᠭᠰᠡᠨ ᠨᠢᠷᠤᠭᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠠᠵᠢᠯ ᠢ ᠬᠠᠷᠢᠭᠤᠴᠠᠵᠤ ᠪᠠᠶᠢᠭ᠎ᠠ ᠳᠤᠮᠳᠠᠳᠤ ᠤᠯᠤᠰ ᠤᠨ ᠲᠡᠮᠤᠷ ᠵᠠᠮ  ᠤᠨ ᠬᠤᠷᠢᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷᠢᠯᠭ᠎ᠠ ᠶᠢᠨ ᠲᠥᠰᠦᠯ ᠢ ᠨᠠᠷᠢᠨ ᠨᠢᠮᠪᠠᠢ ᠵᠢᠷᠤᠵᠤ ᠲᠥᠯᠥᠪᠯᠡᠨ᠂ ᠨᠢᠷᠤᠭᠤ ᠶᠢᠨ ᠠᠯᠭᠠᠰᠠᠭᠰᠠᠨ ᠬᠡᠮᠵᠢᠶ᠎ᠡ ᠶᠡᠭᠡ᠂ ᠬᠡᠰᠡᠭ ᠤᠯᠠᠨ᠂ ᠠᠵᠢᠯᠯᠠᠬᠤ ᠱᠤᠭᠤᠮ ᠤᠨ ᠪᠠᠷᠢᠯᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠥᠨᠳᠥᠷ ᠵᠡᠷᠭᠡ ᠪᠠᠷᠢᠯᠭ᠎ᠠ ᠶᠢᠨ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠲᠤᠮᠤ ᠬᠡᠰᠡᠭᠲᠦ ᠪᠠᠷᠢᠯᠭ᠎ᠠ ᠶᠢᠨ ᠮᠡᠷᠭᠡᠵᠢᠯ᠂ ᠬᠡᠰᠡᠭ ᠬᠡᠰᠡᠭ ᠤᠨ ᠬᠤᠶᠠᠷ ᠦᠵᠦᠭᠦᠷ ᠢ ᠵᠡᠷᠭᠡ ᠪᠠᠷ ᠶᠠᠪᠤᠭᠳᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠷᠢᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠯᠡᠭᠦᠯᠬᠦ ᠬᠤᠶᠠᠷ ᠦᠵᠦᠭᠦᠷ ᠢ ᠣᠨᠣᠪᠴᠢᠲᠠᠢ ᠵᠣᠯᠭᠠᠭᠤᠯᠬᠤ ᠪᠠ ᠬᠥᠭᠦᠷᠭᠡ ᠶᠢᠨ ᠪᠠᠷᠢᠯᠭ᠎ᠠ ᠶᠢᠨ ᠶᠠᠰᠤ ᠴᠢᠨᠠᠷ ᠢ ᠬᠦᠴᠦᠲᠡᠢ ᠪᠠᠲᠤᠯᠠᠪᠠ᠃       ᠣᠶᠢᠯᠠᠭᠠᠭᠰᠠᠨ ᠢᠶᠠᠷ᠂ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠪᠣᠯ ᠮᠠᠨ ᠤ ᠤᠯᠤᠰ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠤ ᠬᠤᠷᠳᠤ ᠶᠢᠨ ᠲᠡᠮᠦᠷ ᠵᠠᠮ ᠤᠨ ᠲᠣᠣᠷ ᠤᠨ ᠪᠡᠭᠡᠵᠢᠩ ᠠᠴᠠ ᠯᠠᠨᠵᠧᠦ ᠬᠦᠷᠬᠦ ᠲᠡᠮᠦᠷ ᠵᠠᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠵᠡᠭᠦᠨᠰᠢ ᠪᠠᠨ ᠥᠪᠥᠷ ᠮᠣᠩᠭᠤᠯ ᠤᠨ ᠪᠤᠭᠤᠲᠤ ᠬᠤᠳᠠ ᠠᠴᠠ ᠡᠬᠢᠯᠡᠵᠦ᠂ ᠪᠠᠷᠠᠭᠤᠨᠰᠢ ᠪᠠᠨ ᠨᠢᠩᠰᠢᠶᠠ ᠶᠢᠨ ᠢᠷᠭᠠᠢ ᠬᠤᠳᠠ ᠬᠦᠷᠦᠨ᠎ᠡ᠂ ᠡᠭᠦᠨ ᠳᠤ ᠥᠪᠥᠷ ᠮᠣᠩᠭᠤᠯ ᠤᠨ ᠬᠡᠰᠡᠭ ᠤᠨ ᠪᠦᠬᠦ ᠤᠷᠳᠤ ᠨᠢ 402 ᠺᠢᠯᠣᠮᠧᠲᠷ᠂ ᠵᠢᠷᠤᠵᠤ ᠲᠥᠯᠥᠪᠯᠡᠭᠰᠡᠨ ᠬᠤᠷᠳᠤᠴᠠ ᠨᠢ ᠴᠠᠭ ᠪᠦᠷᠢ 250 ᠺᠢᠯᠣᠮᠧᠲᠷ ᠪᠠᠶᠢᠵᠤ᠂ ᠪᠠᠷᠠᠭᠤᠨ ᠬᠤᠶᠢᠲᠤ ᠣᠷᠣᠨ ᠤ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠢ ᠬᠤᠯᠪᠣᠭᠰᠠᠨ ᠵᠠᠮ ᠬᠠᠷᠢᠯᠴᠠᠭᠠᠨ ᠤ ᠶᠡᠭᠡ ᠯᠤᠭᠰᠢᠭᠤᠨ ᠰᠤᠳᠠᠯ ᠪᠠ ᠠᠵᠤ ᠠᠬᠤᠢ ᠶᠢᠨ ᠶᠡᠭᠡ ᠨᠡᠪᠲᠡᠷᠡᠬᠦ ᠵᠠᠮ ᠪᠣᠯᠤᠨ᠎ᠠ᠃ ᠲᠡᠷᠭᠡ ᠨᠡᠪᠲᠡᠷᠡᠭᠰᠡᠨ ᠤ ᠳᠠᠷᠠᠭ᠎ᠠ᠂ ᠪᠤᠭᠤᠲᠤ ᠠᠴᠠ ᠢᠷᠭᠠᠢ ᠬᠥᠷᠬᠦ ᠭᠠᠯᠲᠤ ᠲᠡᠷᠭᠡᠨ ᠤ ᠠᠶᠠᠯᠠᠬᠤ ᠴᠠᠭ ᠶᠡᠭᠡ ᠪᠠᠷ ᠪᠣᠭᠤᠨᠢᠰᠴᠤ᠂ ᠭᠠᠨᠰᠦ᠂ ᠨᠢᠩᠰᠢᠶᠠ᠂ ᠬᠥᠬᠡᠨᠠᠭᠤᠷ ᠵᠡᠷᠭᠡ ᠪᠠᠷᠠᠭᠤᠨ ᠬᠤᠶᠢᠲᠤ ᠶᠢᠨ ᠮᠤᠵᠢ ᠣᠷᠣᠨ ᠤ ᠪᠡᠭᠡᠵᠢᠩ ᠳᠤ ᠣᠷᠣᠬᠤ ᠬᠠᠮᠤᠭ ᠤᠨ ᠲᠦᠷᠭᠡᠨ ᠵᠠᠮ ᠪᠣᠯᠵᠣ᠂ ᠥᠪᠥᠷ ᠮᠣᠩᠭᠤᠯ᠂ ᠨᠢᠩᠰᠢᠶᠠ᠂ ᠭᠠᠨᠰᠦ ᠵᠡᠷᠭᠡ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠣᠯᠵᠠᠶ᠃    
 
ᠢᠷᠡᠯᠲᠡ᠄ ᠠᠷᠠᠳ ᠤᠨ ᠡᠳᠦᠷ ᠤᠨ ᠰᠣᠨᠢᠨ ᠤ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号