9 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨᠡᠬᠢ 9᠄ 58 ᠴᠠᠭ ᠲᠤ᠂ ᠤᠯᠠᠭᠠᠨᠬᠠᠳᠠ | ᠬᠤᠲᠠ ᠶᠢᠨ 508 ᠤᠯᠤᠰ ᠤᠨ ᠵᠠᠮ ᠤᠨ ᠰᠢᠶᠤᠤ ᠴᠧᠩ ᠽᠢ ᠠᠴᠠ ᠫᠢᠩ ᠴᠢᠤᠸᠠᠨ ︵ᠥᠪᠥᠷ ᠮᠣᠩᠭᠤᠯ ᠾᠧᠪᠧᠶ | ᠶᠢᠨ ᠵᠠᠭᠠᠭ︶ ᠬᠥᠷᠬᠦ ᠬᠡᠰᠡᠭ ᠵᠠᠰᠠᠮᠠᠯ ᠵᠠᠮ ᠵᠢᠩᠬᠢᠨᠢ ᠪᠠᠷ ᠲᠡᠷᠭᠡ ᠨᠡᠪᠲᠡᠷᠡᠵᠦ ᠲᠤᠷᠰᠢᠨ ᠠᠵᠢᠯᠯᠠᠪᠠ᠃ | | | | ᠣᠶᠢᠯᠠᠭᠠᠭᠰᠠᠨ ᠢᠶᠠᠷ᠂ 508 ᠤᠯᠤᠰ ᠤᠨ ᠵᠠᠮ ᠤᠨ ᠰᠢᠶᠤᠤ ᠴᠧᠩ ᠽᠢ ᠠᠴᠠ ᠫᠢᠩ ᠴᠢᠤᠸᠠᠨ ︵ᠥᠪᠥᠷ | ᠮᠣᠩᠭᠤᠯ ᠾᠧᠪᠧᠶ ᠶᠢᠨ ᠵᠠᠭᠠᠭ︶ ᠬᠥᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠶᠯ ᠤᠨ ᠵᠠᠮ ᠤᠨ ᠪᠥᠬᠦ | ᠣᠷᠳᠣ ᠨᠢ 69.98 ᠺᠢᠯᠣᠮᠧᠲᠷ ᠪᠠᠶᠢᠵᠤ᠂ ᠲᠥᠰᠦᠪ ᠤᠨ ᠶᠡᠷᠦᠩᠬᠡᠶ ᠪᠠᠯᠠ ᠣᠷᠣᠭᠤᠯᠤᠯᠲᠠ ᠨᠢ 27.10 | ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠱᠤᠭᠤᠮ ᠳᠤ ᠬᠤᠤᠰ ᠴᠢᠭᠯᠡᠯᠲᠦ ᠳᠥᠷᠪᠡᠨ ᠲᠡᠷᠭᠡᠨ ᠵᠠᠮ ᠤᠨ | ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠪᠠ᠃ | | | | | | ᠲᠤᠰ ᠲᠦᠷᠦᠯ ᠵᠦᠢᠯ ᠤᠨ ᠡᠬᠢᠯᠡᠯᠲᠡ ᠶᠢᠨ ᠴᠡᠭ ᠨᠢ ᠬᠠᠷᠠᠴᠢᠨ ᠬᠤᠰᠢᠭᠤᠨ ᠤ ᠰᠢ ᠴᠢᠶᠣᠤ ᠪᠠᠯᠭᠠᠰᠤᠨ ᠤ | ᠵᠢᠶᠠᠩ ᠵᠢᠶᠠ ᠳ᠋ᠢᠶᠠᠨ ᠲᠣᠰᠬᠤᠨ ᠤ ᠪᠠᠷᠠᠭᠤᠨ ᠲᠠᠯ᠎ᠠ ᠳᠤ ᠪᠠᠶᠢᠵᠤ᠂ ᠡᠴᠦᠰ ᠤᠨ ᠴᠡᠭ ᠨᠢ ᠨᠢᠩᠴᠧᠩ ᠰᠢᠶᠠᠨ | ᠪᠣᠯᠤᠨ ᠾᠧᠪᠸᠢ ᠮᠤᠵᠢ ᠶᠢᠨ ᠴᠧᠩᠳᠧ ᠬᠤᠲᠠ ᠶᠢᠨ ᠫᠢᠩ ᠴᠢᠤᠸᠠᠨ ᠰᠢᠶᠠᠨ ᠤ ᠠᠭᠤᠯᠵᠠᠷ ᠲᠤ ᠪᠠᠶᠢᠵᠤ᠂ ᠵᠠᠮ | ᠳᠠᠭᠠᠤ ᠰᠢ ᠴᠢᠶᠣᠤ᠂ ᠰᠢᠶᠤᠤ ᠴᠧᠩ ᠽᠢ᠂ ᠳ᠋ᠠ ᠴᠧᠩ ᠽᠢ᠂ ᠰᠠᠨ ᠽᠦᠸᠧ ᠳ᠋ᠢᠶᠠᠨ᠂ ᠼᠦᠨ ᠶᠢᠨ ᠭᠸᠤ᠂ ᠪᠠ ᠯᠢ | ᠬᠠᠨ᠂ ᠳ᠋ᠠ ᠱᠤᠸᠠᠩ ᠮᠢᠶᠣᠣ ᠪᠣᠯᠤᠨ ᠪᠠᠷᠠᠭᠤᠨ ᠪᠧᠢ ᠫᠢᠩ ᠨᠠᠢᠮᠠᠨ ᠰᠢᠶᠠᠩ ᠪᠠᠯᠭᠠᠰᠤ ᠵᠡᠷᠭᠡ 32 ᠠᠶᠢᠯ | ᠲᠣᠰᠬᠤᠨ ᠢᠶᠠᠷ ᠥᠩᠭᠡᠷᠡᠨ᠎ᠡ᠃ | 508 ᠤᠯᠤᠰ ᠤᠨ ᠵᠠᠮ ᠤᠨ ᠰᠢᠶᠤᠤ ᠴᠧᠩ ᠽᠢ ᠠᠴᠠ ᠫᠢᠩ ᠴᠢᠤᠸᠠᠨ ︵ᠥᠪᠥᠷ ᠮᠣᠩᠭᠤᠯ ᠾᠧᠪᠧᠶ ᠶᠢᠨ | ᠵᠠᠭᠠᠭ︶ ᠬᠦᠷᠬᠦ ᠬᠡᠰᠡᠭ ᠤᠨ ᠵᠠᠰᠠᠮᠠᠯ ᠵᠠᠮ ᠤᠨ ᠪᠠᠶᠢᠭᠤᠯᠤᠭᠳᠠᠭᠰᠠᠨ ᠨᠢ ᠤᠯᠤᠰ ᠪᠠ ᠤᠯᠠᠭᠠᠨᠬᠠᠳᠠ ᠬᠤᠲᠠ ᠶᠢᠨ | ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠬᠤ᠂ ᠵᠠᠮ ᠳᠠᠭᠠᠤ ᠶᠢᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠶᠢ ᠳᠠᠶᠢᠴᠢᠯᠠᠬᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ᠤᠯᠠᠭᠠᠨᠬᠠᠳᠠ ᠬᠤᠲᠠ ᠪᠣᠯᠤᠨ ᠾᠧᠪᠧᠶ ᠮᠤᠵᠢ | ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠣᠷᠣᠨ ᠪᠦᠰᠡ ᠬᠤᠯᠪᠣᠭᠠᠯᠠᠨ ᠬᠥᠳᠡᠯᠦᠯᠴᠡᠬᠦ᠂ ᠬᠠᠮᠲᠤ ᠪᠠᠷ ᠬᠥᠭᠵᠢᠬᠦ | ᠳᠤ ᠰᠢᠨ᠎ᠡ ᠣᠷᠣᠨ ᠵᠠᠶ ᠶᠢ ᠨᠡᠭᠡᠭᠡᠨ ᠥᠭᠴᠦ᠂ ᠲᠣᠰ ᠬᠤᠲᠠ ᠶᠢᠨ ︽ᠡᠷᠬᠢᠨ ᠲᠣᠭᠤᠷᠢᠨ ᠲᠠᠢ ᠵᠣᠯᠭᠠᠯᠴᠠᠬᠤ᠂ | ᠭᠤᠤᠯ ᠮᠥᠷᠡᠨ ᠲᠡᠯᠡᠶ ᠳᠤ ᠨᠡᠪᠲᠡᠷᠡᠬᠦ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠵᠠᠮ ᠲᠡᠭᠡᠭᠡᠪᠦᠷᠢ ᠶᠢᠨ | ᠪᠠᠲᠤᠯᠠᠭ᠎ᠠ ᠬᠠᠩᠭᠠᠪᠠ᠃ |