ᠠᠮᠤᠷ ᠲᠦᠪᠰᠢᠨ ᠤ ᠪᠣᠯᠪᠠᠰᠤᠷᠠᠯ ᠨᠢ ᠰᠦᠯᠵᠢᠶᠡᠨ ᠤ ︽ᠰᠡᠷᠭᠡᠶᠢᠯᠡᠯᠲᠡ ᠶᠢᠨ ᠬᠡᠷᠡᠮ︾᠎ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/9/18
    9 ᠳ᠋ᠦ᠋ᠭᠡᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠰᠦᠯᠵᠢᠶᠡᠨ ᠤ ᠬᠠᠮᠢᠶᠠᠷᠤᠯᠲᠠ ᠶᠢᠨ ᠠᠮᠤᠷ ᠲᠦᠪᠰᠢᠨ ᠤ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠤᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠠᠵᠢᠯᠲᠠᠨ ᠨᠡᠶᠢᠲᠡ 50 ᠬᠥᠮᠦᠨ ᠣᠷᠣᠯᠴᠠᠵᠠᠶ᠃    ᠲᠣᠰ ᠤᠳᠠᠭᠠᠨ ᠤ ᠪᠣᠯᠪᠠᠰᠤᠷᠠᠯ ᠳᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠦᠯᠵᠢᠶᠡᠨ ᠤ ᠠᠮᠤᠷ ᠲᠦᠪᠰᠢᠨ ᠤ ᠶᠡᠷᠦᠩᠬᠡᠢ ᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠰᠠᠯᠪᠤᠷᠢ ᠠᠩᠭᠢ ᠶᠢᠨ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠣᠷᠣᠭᠤᠯᠤᠨ᠂ ᠬᠢᠴᠢᠶᠡᠯᠯᠡᠬᠦ ᠲᠤᠰᠬᠠᠶ ᠮᠡᠷᠭᠡᠵᠢᠯᠲᠡᠨ ᠨᠢ ᠣᠳᠣᠬᠠᠨ ᠤ ᠰᠦᠯᠵᠢᠶᠡᠨ ᠤ ᠠᠮᠤᠷ ᠲᠦᠪᠰᠢᠨ ᠤ ᠣᠷᠴᠢᠨ ᠲᠣᠭᠤᠷᠢᠨ ᠤ ᠠᠬᠤᠶ ᠪᠠᠶᠢᠳᠠᠯ ᠢ ᠲᠣᠳᠣᠷᠬᠠᠶᠢᠯᠠᠨ ᠥᠭᠦᠯᠡᠬᠦ᠂ ᠰᠦᠯᠵᠢᠶᠡᠨ ᠤ ᠠᠮᠤᠷ ᠲᠦᠪᠰᠢᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ ᠬᠢᠬᠦ᠂ ᠵᠡᠷᠭᠡ ᠳᠡᠰ ᠤᠨ ᠬᠠᠮᠠᠭᠠᠯᠠᠯᠲᠠ᠂ ᠲᠤᠭ᠎ᠠ ᠪᠠᠷᠢᠮᠲᠠ ᠶᠢᠨ ᠠᠮᠤᠷ ᠲᠦᠪᠰᠢᠨ ᠬᠢᠭᠡᠳ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ᠂ ᠠᠵᠢᠯ ᠤᠨ ᠳᠤᠮᠳᠠ ᠠᠮᠠᠷᠬᠠᠨ ᠡᠭᠦᠰᠬᠦ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠤᠲᠠᠭᠳᠠᠯ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠭᠦᠨᠵᠡᠭᠡᠶ ᠲᠠᠶᠢᠯᠪᠤᠷᠢᠯᠠᠯᠲᠠ ᠬᠢᠪᠠ᠃ ᠪᠣᠯᠪᠠᠰᠤᠷᠠᠯ ᠨᠢ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠬᠤᠶᠢᠰᠢᠳᠠ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠳᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠬᠠᠩᠭᠠᠵᠠᠢ᠃    ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠠᠵᠢᠯᠲᠠᠨ ᠤ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠰᠦᠯᠵᠢᠶᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠶ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号