ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ᠂ ᠣᠯᠠᠨ ᠲᠦᠮᠡᠨ ᠭᠠᠳᠠᠭᠰᠢ | ᠭᠠᠷᠬᠤ ᠳᠤ ᠪᠠᠨ ᠳᠤᠮᠳᠠ ᠣᠶᠢᠷ᠎ᠠ ᠵᠠᠮ ᠢᠶᠠᠷ ᠭᠤᠣᠯ ᠪᠣᠯᠭᠠᠵᠤ᠂ ᠪᠦᠬᠦ ᠣᠷᠣᠨ ᠤ ᠵᠠᠮ ᠬᠠᠷᠢᠯᠴᠠᠭ᠎ᠠ ᠥᠨᠳᠥᠷ | ᠪᠠᠶᠢᠷᠢᠨ ᠳᠤ ᠠᠵᠢᠯᠯᠠᠵᠤ᠂ ᠶᠡᠷᠦᠩᠬᠡᠢ ᠳᠤ ᠪᠠᠨ ᠲᠣᠭᠲᠠᠭᠤᠨ ᠪᠦᠭᠡᠳ ᠡᠮᠬᠢ ᠵᠢᠷᠤᠮ ᠲᠠᠢ ᠶᠠᠪᠤᠭᠳᠠᠪᠠ᠃ ᠪᠥᠬᠦ | ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 1397.59 ᠲᠦᠮᠡᠨ ᠬᠥᠮᠦᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.16% ᠪᠠᠷ ᠨᠡᠮᠡᠭᠳᠡᠨ᠂ ᠡᠬᠢᠨ ᠤ ᠪᠠ | ᠡᠴᠦᠰ ᠤᠨ ᠣᠷᠭᠢᠯ ᠦᠶ᠎ᠡ ᠶᠢᠨ ᠣᠨᠴᠠᠯᠢᠭ ᠢᠯᠡᠷᠡᠪᠡ᠃ ᠣᠷᠭᠢᠯ ᠬᠡᠮᠵᠢᠭᠳᠡᠯ ᠨᠢ ᠠᠮᠠᠷᠠᠯᠲᠠ ᠶᠢᠨ ᠨᠢᠭᠡᠳᠦᠭᠡᠷ | ᠡᠳᠦᠷ ᠲᠤ ᠢᠯᠡᠷᠡᠵᠦ᠂ 477.64 ᠲᠦᠮᠡᠨ ᠬᠥᠮᠦᠨ ᠤᠳᠠᠭ᠎ᠠ ᠳᠤ ᠬᠦᠷᠴᠡᠢ᠃ | ᠪᠥᠬᠦ ᠣᠷᠣᠨ ᠤ ᠡᠵᠡᠩᠨᠡᠯᠲᠡ ᠶᠢᠨ ᠴᠢᠨᠠᠷᠲᠠᠶ ᠲᠡᠭᠡᠭᠡᠪᠦᠷᠢ ᠳᠤ ᠨᠡᠶᠢᠲᠡ 101.43 ᠲᠦᠮᠡᠨ ᠬᠥᠮᠦᠨ ᠤᠳᠠᠭ᠎ᠠ | ᠠᠶᠠᠨᠴᠢᠳ ᠢ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 9.61% ᠪᠠᠷ ᠨᠡᠮᠡᠭᠳᠡᠨ᠂ 2019 ᠣᠨ ᠤ | ᠠᠳᠠᠯᠢ ᠬᠤᠭᠤᠴᠠᠭᠠᠨ ᠤ ᠬᠢ ᠠᠴᠠ 3.86% ᠪᠠᠷ ᠪᠠᠭᠤᠷᠠᠪᠠ᠃ 9 ᠳ᠋ᠦ᠋ᠭᠡᠷ ᠰᠠᠷ᠎ᠠ ᠶᠢᠨ 15 ᠤ ᠡᠳᠦᠷ ᠤᠨ | ᠣᠷᠭᠢᠯ ᠬᠡᠮᠵᠢᠭᠳᠡᠯ 38.56 ᠲᠦᠮᠡᠨ ᠬᠥᠮᠦᠨ ᠤᠳᠠᠭ᠎ᠠ ᠳᠤ ᠬᠥᠷᠪᠡ᠃ ᠡᠭᠦᠨ ᠳᠤ᠂ ᠲᠡᠮᠦᠷ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 66.50 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 22.10% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢ ᠠᠴᠠ | 0.98% ᠪᠠᠷ ᠨᠡᠮᠡᠭᠳᠡᠪᠡ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 13.83 | ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.73% ᠪᠠᠷ ᠨᠡᠮᠡᠭᠳᠡᠵᠦ᠂ | 2019 ᠣᠨ ᠤ ᠠᠳᠠᠯᠢ ᠬᠤᠭᠤᠴᠠᠭᠠᠨ ᠤ ᠬᠢ ᠠᠴᠠ 19.36% ᠪᠠᠷ ᠪᠠᠭᠤᠷᠠᠪᠠ᠃ ᠠᠷᠠᠳ ᠤᠨ ᠠᠭᠠᠷ ᠤᠨ | ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 21.10 ᠲᠦᠮᠡᠨ ᠬᠥᠮᠦᠨ ᠤᠳᠠᠭ᠎ᠠ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 13.31% ᠪᠠᠷ ᠪᠠᠭᠤᠷᠠᠵᠤ᠂ 2019 ᠣᠨ ᠤ ᠠᠳᠠᠯᠢ | ᠬᠤᠭᠤᠴᠠᠭᠠᠨ ᠤ ᠬᠢ ᠠᠴᠠ 6.20% ᠪᠠᠷ ᠪᠠᠭᠤᠷᠠᠪᠠ᠃ | ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠴᠣᠪᠤᠷᠠᠯ ᠤᠨ ᠶᠡᠷᠦᠩᠬᠡᠶ ᠬᠡᠮᠵᠢᠶ᠎ᠡ ᠨᠡᠶᠢᠲᠡ | 126.73 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.82% ᠢᠶᠠᠷ ᠨᠡᠮᠡᠭᠳᠡᠵᠦ᠂ 2019 | ᠣᠨ ᠤ ᠠᠳᠠᠯᠢ ᠬᠤᠭᠤᠴᠠᠭᠠᠨ ᠤ ᠬᠢ ᠠᠴᠠ 11.08% ᠪᠠᠷ ᠨᠡᠮᠡᠭᠳᠡᠪᠡ᠃ 9 ᠳ᠋ᠦ᠋ᠭᠡᠷ ᠰᠠᠷ᠎ᠠ ᠶᠢᠨ 15 ᠤ ᠡᠳᠦᠷ | ᠲᠡᠷᠭᠡᠨ ᠴᠣᠪᠤᠷᠠᠯ ᠤᠨ ᠶᠡᠷᠦᠩᠬᠡᠶ ᠬᠡᠮᠵᠢᠶ᠎ᠡ ᠤᠨ ᠣᠷᠭᠢᠯ ᠬᠡᠮᠵᠢᠭᠳᠡᠯ 42.94 ᠲᠦᠮᠡ ᠳᠤ ᠬᠥᠷᠪᠡ᠃ ᠥᠪᠡᠷ ᠢᠶᠠᠨ | ᠵᠢᠯᠣᠭᠤᠳᠴᠤ ᠪᠠᠶᠢᠭ᠎ᠠ ᠵᠢᠵᠢᠭ ᠠᠶᠠᠨᠴᠢᠳ ᠤᠨ ᠮᠠᠰᠢᠨ ᠲᠡᠷᠭᠡ ᠲᠥᠪᠯᠡᠷᠡᠵᠦ᠂ ᠠᠶᠠᠨᠴᠢᠳ ᠤᠨ ᠮᠠᠰᠢᠨ ᠲᠡᠷᠭᠡᠨ ᠤ | ᠴᠣᠪᠤᠷᠠᠯ ᠤᠨ ᠬᠡᠮᠵᠢᠶ᠎ᠡ ᠨᠡᠶᠢᠲᠡ 96.17 ᠲᠦᠮᠡ ᠳᠤ ᠬᠦᠷᠴᠦ᠂ ᠲᠡᠷᠭᠡᠨ ᠴᠣᠪᠤᠷᠠᠯ ᠤᠨ ᠶᠡᠷᠦᠩᠬᠡᠶ ᠬᠡᠮᠵᠢᠶᠡᠨ ᠤ | 75.89% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 40.48% ᠪᠠᠷ ᠨᠡᠮᠡᠭᠳᠡᠵᠦ᠂ 2019 ᠣᠨ ᠤ | ᠠᠳᠠᠯᠢ ᠬᠤᠭᠤᠴᠠᠭᠠᠨ ᠤ ᠬᠢ ᠠᠴᠠ 17.61% ᠪᠠᠷ ᠨᠡᠮᠡᠭᠳᠡᠪᠡ᠃ ᠡᠭᠦᠨ ᠳᠤ᠂ 7 ᠰᠠᠭᠤᠳᠠᠯ ᠵᠢᠴᠢ ᠲᠡᠭᠦᠨ ᠠᠴᠠ | ᠳᠣᠷᠣᠭᠰᠢᠬᠢ ᠵᠢᠵᠢᠭ ᠠᠶᠠᠨᠴᠢᠳ ᠤᠨ ᠮᠠᠰᠢᠨ ᠲᠡᠷᠭᠡᠨ ᠤ ᠴᠣᠪᠤᠷᠠᠯ ᠤᠨ ᠬᠡᠮᠵᠢᠶ᠎ᠡ 95.01 ᠲᠦᠮᠡᠨ ᠲᠡᠷᠭᠡ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 42.04% ᠪᠠᠷ ᠨᠡᠮᠡᠭᠳᠡᠵᠦ᠂ 2019 ᠣᠨ ᠤ ᠠᠳᠠᠯᠢ | ᠬᠤᠭᠤᠴᠠᠭᠠᠨ ᠤ ᠬᠢ ᠠᠴᠠ 18.76% ᠪᠠᠷ ᠨᠡᠮᠡᠭᠳᠡᠪᠡ᠃ 7 ᠰᠠᠭᠤᠳᠠᠯ ᠠᠴᠠ ᠳᠡᠭᠡᠭᠰᠢᠬᠢ ᠠᠶᠠᠨᠴᠢᠳ ᠤᠨ | ᠮᠠᠰᠢᠨ ᠲᠡᠷᠭᠡᠨ ᠤ ᠴᠣᠪᠤᠷᠠᠯ ᠤᠨ ᠬᠡᠮᠵᠢᠶ᠎ᠡ 1.16 ᠲᠦᠮᠡ ᠳᠤ ᠬᠦᠷᠪᠡ᠃ ᠪᠠᠷᠠᠭᠠᠨ ᠤ ᠲᠡᠷᠭᠡ ᠶᠢᠨ ᠴᠣᠪᠤᠷᠠᠯ ᠤᠨ | ᠬᠡᠮᠵᠢᠶ᠎ᠡ ᠨᠡᠶᠢᠲᠡ 30.56 ᠲᠦᠮᠡ ᠳᠤ ᠬᠦᠷᠴᠦ᠂ 24.11% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 28.71% ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭᠠᠨ ᠤ ᠬᠢ ᠠᠴᠠ | 5.45% ᠪᠠᠷ ᠪᠠᠭᠤᠷᠠᠪᠠ︔ ᠥᠪᠥᠷ ᠮᠣᠩᠭᠤᠯ ᠫᠠᠶᠢᠰᠠ ᠲᠠᠢ ᠪᠠᠷᠠᠭᠠᠨ ᠤ ᠲᠡᠷᠭᠡ 12.11 ᠲᠦᠮᠡ ᠳᠤ ᠬᠦᠷᠴᠦ᠂ | 39.63% ᠶᠢ ᠡᠵᠡᠯᠡᠪᠡ︔ ᠠᠴᠢᠶ᠎ᠠ ᠦᠭᠡᠢ ᠪᠠᠷᠠᠭᠠᠨ ᠤ ᠲᠡᠷᠭᠡ 10.92 ᠲᠦᠮᠡ ᠳᠤ ᠬᠦᠷᠴᠦ᠂ | 35.73% ᠶᠢ ᠡᠵᠡᠯᠡᠪᠡ᠃ | ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠲᠦᠭᠵᠢᠷᠡᠬᠦ | ᠪᠠᠶᠢᠳᠠᠯ ᠭᠠᠷᠤᠭᠰᠠᠨ ᠦᠭᠡᠶ᠃ ᠣᠷᠳᠣᠰ ᠬᠤᠲᠠ ᠶᠢᠨ ᠭᠤᠸᠠᠨ ᠨᠢᠶᠠᠨ ᠹᠠᠩ ᠭᠤᠣᠯ ᠱᠤᠭᠤᠮ ᠤᠨ ᠰᠦᠢᠳᠭᠡᠯ | ᠬᠤᠷᠢᠶᠠᠬᠤ ᠥᠷᠲᠡᠭᠡ ᠶᠢᠨ ᠭᠠᠷᠴᠠ ᠶᠢᠨ ᠡᠳᠦᠷ ᠳᠤᠮᠳᠠᠴᠢ ᠴᠣᠪᠤᠷᠠᠯ ᠤᠨ ᠬᠡᠮᠵᠢᠶ᠎ᠡ ᠬᠠᠮᠤᠭ ᠦᠨᠳᠦᠷ ᠲᠤ ᠪᠠᠨ | ᠲᠦᠮᠡ ᠰᠢᠬᠠᠮ ᠪᠠᠶᠢᠨ᠎ᠠ᠃ | ᠡᠩ ᠤᠨ ᠤᠯᠤᠰ ᠮᠤᠵᠢ ᠶᠢᠨ ᠵᠠᠮ ᠤᠨ ᠡᠳᠦᠷ ᠳᠤᠮᠳᠠᠴᠢ ᠶᠢᠨ ᠣᠭᠲᠣᠯᠤᠭᠠᠰᠤ ᠶᠢᠨ ᠵᠠᠮ ᠬᠠᠷᠢᠯᠴᠠᠭᠠᠨ ᠤ | ᠬᠡᠮᠵᠢᠶ᠎ᠡ 5240 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.34% ᠪᠠᠷ ᠨᠡᠮᠡᠭᠳᠡᠵᠦ᠂ | 2019 ᠣᠨ ᠤ ᠠᠳᠠᠯᠢ ᠬᠤᠭᠤᠴᠠᠭᠠᠨ ᠤ ᠬᠢ ᠠᠴᠠ 8.30% ᠪᠠᠷ ᠨᠡᠮᠡᠭᠳᠡᠵᠦ᠂ ᠠᠶᠠᠨᠴᠢᠳ ᠤᠨ ᠮᠠᠰᠢᠨ | ᠲᠡᠷᠭᠡ ᠶᠢᠨ ᠵᠠᠮ ᠬᠠᠷᠢᠯᠴᠠᠭᠠᠨ ᠤ ᠬᠡᠮᠵᠢᠶ᠎ᠡ 3665 ᠪᠠᠶᠢᠵᠤ᠂ ᠪᠠᠷᠠᠭᠠᠨ ᠤ ᠲᠡᠷᠭᠡ ᠶᠢᠨ ᠵᠠᠮ ᠬᠠᠷᠢᠯᠴᠠᠭᠠᠨ ᠤ | ᠬᠡᠮᠵᠢᠶ᠎ᠡ 1575 ᠪᠠᠶᠢᠪᠠ᠃ ᠰᠢᠬᠠᠯᠴᠠᠯ ᠤᠨ ᠬᠡᠮᠵᠢᠶ᠎ᠡ ᠨᠡᠯᠢᠶᠡᠳ ᠥᠨᠳᠥᠷ ᠵᠠᠮ ᠤᠨ ᠬᠡᠰᠡᠭ ᠨᠢ ᠭᠤᠣᠯᠳᠠᠭᠤ | 210 ᠤᠯᠤᠰ ᠤᠨ ᠵᠠᠮ ᠤᠨ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠵᠠᠮ ᠤᠨ ᠬᠡᠰᠡᠭ᠂ 213 | ᠮᠤᠵᠢ ᠶᠢᠨ ᠵᠠᠮ ᠤᠨ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠵᠠᠮ ᠤᠨ ᠬᠡᠰᠡᠭ ᠲᠤ ᠲᠥᠪᠯᠡᠷᠡᠪᠡ᠃ | ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠡᠷᠲᠡᠬᠡᠨ ᠲᠦᠯᠦᠪᠵᠢᠭᠦᠯᠦᠨ | ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠲᠡᠭᠡᠭᠡᠪᠦᠷᠢ ᠶᠢᠨ | ᠦᠢᠯᠡᠴᠢᠯᠡᠭᠡᠨ ᠤ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠡᠢ᠃ ᠨᠢᠭᠡ ᠳᠤ᠂ ᠵᠠᠮ ᠤᠨ ᠲᠣᠣᠷ ᠤᠨ | ᠠᠵᠢᠯᠯᠠᠭᠠᠨ ᠤ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ︽ᠨᠠᠢᠮᠠᠨ ᠰᠠᠷ᠎ᠠ ᠶᠢᠨ ᠲᠡᠷᠭᠡᠯ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠤ ᠶᠠᠪᠤᠵᠤ ᠰᠠᠭᠤᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠵᠦ᠂ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠭ ᠠᠭᠤᠷ ᠵᠡᠷᠭᠡ ᠰᠠᠯᠠᠭ᠎ᠠ | ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ | ᠬᠦᠳᠡᠯᠦᠯᠴᠡᠬᠦ ᠶᠢ ᠴᠢᠩᠭᠠᠳᠬᠠᠵᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠡᠳ᠋ ᠪᠣᠳᠠᠰ ᠢ ᠨᠥᠭᠡᠴᠡᠯᠡᠬᠦ᠂ | ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠠᠵᠢᠯ ᠢ | ᠰᠠᠶᠢᠲᠤᠷ ᠬᠢᠪᠡ᠃ ᠬᠤᠶᠠᠷ ᠲᠤ᠂ ᠵᠠᠮ ᠤᠨ ᠲᠣᠣᠷ ᠤᠨ ᠠᠵᠢᠯᠯᠠᠭᠠᠨ ᠢ ᠬᠢᠨᠠᠨ ᠡᠵᠡᠮᠳᠡᠬᠦ ᠶᠢ ᠴᠢᠩᠭᠠᠳᠬᠠᠪᠠ᠃ | ᠠᠮᠠᠷᠠᠯᠲᠠ ᠶᠢᠨ ᠬᠤᠭᠤᠴᠠᠭᠠᠨ ᠳᠤ ᠶᠠᠭ ᠪᠣᠷᠣᠭᠠᠨ ᠣᠷᠣᠬᠤ ᠴᠠᠭ ᠠᠭᠤᠷ ᠲᠣᠬᠢᠶᠠᠯᠳᠤᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠬᠥᠭᠦᠷᠭᠡᠨ ᠭᠤᠯᠳᠤᠩ᠂ ᠨᠦᠬᠡᠨ ᠵᠠᠮ ᠵᠡᠷᠭᠡ ᠭᠤᠣᠯᠳᠠᠯᠭ᠎ᠠ ᠲᠠᠢ | ᠵᠠᠰᠠᠮᠠᠯ ᠵᠠᠮ ᠤᠨ ᠰᠠᠭᠤᠷᠢ ᠲᠦᠭᠦᠭᠡᠷᠦᠮᠵᠢ ᠶᠢ ᠪᠠᠶᠢᠴᠠᠭᠠᠬᠤ ᠳᠠᠪᠲᠠᠮᠵᠢ ᠤᠳᠠᠭ᠎ᠠ ᠶᠢ ᠨᠡᠮᠡᠭᠳᠡᠭᠦᠯᠵᠦ᠂ ᠴᠠᠭ | ᠲᠤᠬᠠᠶ ᠳᠤ ᠨᠢ ᠵᠢᠯᠣᠭᠤᠳᠤᠨ ᠰᠢᠢᠳᠪᠦᠷᠢᠯᠡᠵᠦ᠂ ᠡᠭᠦᠰᠦᠮᠡᠯ ᠭᠠᠮᠰᠢᠭ ᠭᠠᠷᠬᠤ ᠠᠴᠠ ᠵᠠᠶᠢᠯᠠᠰᠬᠢᠪᠠ᠃ ᠭᠤᠷᠪᠠ ᠳᠤ᠂ | ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠡᠵᠡᠩᠨᠡᠯᠲᠡ ᠶᠢᠨ ᠠᠮᠤᠷ ᠲᠦᠪᠰᠢᠨ ᠪᠠ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠴᠠᠬᠢᠯᠭᠠᠨ ᠴᠡᠨᠡᠭᠯᠡᠬᠦ ᠶᠠᠭᠠᠷᠠᠯᠲᠠᠶ ᠳᠡᠭᠡᠳᠦ ᠬᠤᠷᠳᠤ ᠶᠢᠨ ᠵᠠᠰᠠᠮᠠᠯ ᠵᠠᠮ ᠤᠨ | ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠷᠢᠳᠴᠢᠯᠠᠨ ᠨᠡᠮᠡᠵᠦ᠂ ᠬᠥᠮᠦᠨ ᠤ | ᠬᠦᠴᠦᠨ ᠢ ᠨᠡᠮᠡᠭᠳᠡᠭᠦᠯᠦᠨ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ 668 ᠬᠥᠮᠦᠨ ᠤᠳᠠᠭ᠎ᠠ ᠲᠣᠭᠤᠷᠢᠨ | ᠪᠠᠶᠢᠴᠠᠭᠠᠵᠤ᠂ ᠴᠠᠬᠢᠯᠭᠠᠨ ᠴᠡᠨᠡᠭᠯᠡᠬᠦ ᠦᠢᠯᠡᠴᠢᠯᠡᠭᠡ ᠶᠢ ᠴᠠᠭ ᠲᠤᠬᠠᠶ ᠳᠤ ᠨᠢ ᠪᠠᠲᠤᠯᠠᠪᠠ᠃ ᠲᠦᠷᠪᠡ ᠳᠤ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠲᠠᠲᠠᠶᠢᠵᠢᠭᠤᠯᠵᠤ᠂ ᠵᠠᠰᠠᠮᠠᠯ ᠵᠠᠮ ᠤᠨ | ᠪᠦᠳᠦᠭᠡᠨ ᠪᠠᠶᠢᠭᠤᠯᠤᠯᠲᠠ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠵᠠᠰᠠᠬᠤ ᠠᠵᠢᠯ ᠢ ᠴᠢᠩᠭᠠᠳᠬᠠᠵᠤ᠂ ᠨᠡᠶᠢᠳᠡ 4760 ᠬᠥᠮᠦᠨ ᠤᠳᠠᠭ᠎ᠠ ᠬᠥᠳᠡᠯᠭᠡᠵᠦ᠂ 305 ᠠᠵᠤ | ᠠᠬᠤᠶᠢᠯᠠᠯ ᠢ ᠪᠠᠶᠢᠴᠠᠭᠠᠨ᠂ 247 ᠵᠦᠢᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ 233 ᠵᠦᠢᠯ | ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠪᠤᠰᠤᠳ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠱᠠᠯᠠᠪᠳᠠᠨ ᠨᠠᠶᠢᠳᠠᠪᠤᠷᠢᠵᠢᠭᠤᠯᠵᠤ ᠪᠠᠶᠢᠨ᠎ᠠ᠃ ᠲᠠᠪᠤ ᠳᠤ᠂ ᠴᠠᠭ ᠲᠤᠬᠠᠶ ᠳᠤ ᠨᠢ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠵᠦ᠂ ᠭᠠᠳᠠᠭᠰᠢ ᠭᠠᠷᠬᠤ ᠪᠠ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ | ᠣᠯᠠᠨ ᠨᠡᠶᠢᠲᠡ ᠶᠢᠨ ᠵᠦᠶ ᠵᠣᠬᠢᠰᠲᠠᠶ᠂ ᠣᠷᠭᠢᠯ ᠤᠨ ᠦᠶ᠎ᠡ ᠶᠢ ᠵᠥᠷᠢᠭᠦᠯᠦᠨ ᠭᠠᠳᠠᠭᠰᠢ ᠭᠠᠷᠬᠤ ᠶᠢ ᠬᠦᠲᠦᠯᠦᠨ | ᠵᠢᠯᠤᠭᠤᠳᠪᠠ᠃ 12328᠂ 12345 ᠵᠡᠷᠭᠡ ᠦᠢᠯᠡᠴᠢᠯᠡᠭᠡᠨ ᠤ ᠬᠠᠯᠠᠮᠰᠢᠯ ᠤᠲᠠᠰᠤ ᠨᠢ ᠨᠡᠶᠢᠲᠡ 7007 | ᠬᠤᠪᠢ ᠠᠵᠢᠯ ᠤᠨ ᠬᠠᠭᠤᠳᠠᠰᠤ ᠶᠢ ᠬᠦᠯᠢᠶᠡᠨ ᠠᠪᠴᠤ᠂ ᠡᠭᠦᠨ ᠳᠤ ᠨᠢᠭᠡᠨᠲᠡ 6734 ᠬᠤᠪᠢ ᠶᠢ ᠨᠢ | ᠰᠢᠢᠳᠪᠦᠷᠢᠯᠡᠨ ᠳᠠᠭᠤᠰᠬᠠᠵᠤ᠂ 273 ᠬᠤᠪᠢ ᠶᠢ ᠨᠢ ᠰᠢᠢᠳᠪᠦᠷᠢᠯᠡᠵᠦ ᠪᠠᠶᠢᠨ᠎ᠠ᠃ | |