ᠵᠠᠮ ᠬᠠᠷᠢᠯᠴᠠᠭᠠᠨ ᠤ ᠰᠢᠨ᠎ᠡ ᠲᠤᠭ᠎ᠠ ᠪᠠᠷᠢᠮᠲᠠ — ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠪᠥᠬᠦ ᠣᠷᠣᠨ ᠤ ᠵᠠᠮ  ᠬᠠᠷᠢᠯᠴᠠᠭ᠎ᠠ ᠥᠨᠳᠥᠷ ᠪᠠᠶᠢᠷᠢᠨ ᠳᠤ ᠠᠵᠢᠯᠯᠠᠵᠤ ᠲᠣᠭᠲᠠᠭᠤᠨ ᠪᠦᠭᠡᠳ ᠡᠮᠬᠢ ᠵᠢᠷᠤᠮ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/9/19
    ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ᠂ ᠣᠯᠠᠨ ᠲᠦᠮᠡᠨ ᠭᠠᠳᠠᠭᠰᠢ ᠭᠠᠷᠬᠤ ᠳᠤ ᠪᠠᠨ ᠳᠤᠮᠳᠠ ᠣᠶᠢᠷ᠎ᠠ ᠵᠠᠮ ᠢᠶᠠᠷ ᠭᠤᠣᠯ ᠪᠣᠯᠭᠠᠵᠤ᠂ ᠪᠦᠬᠦ ᠣᠷᠣᠨ ᠤ ᠵᠠᠮ ᠬᠠᠷᠢᠯᠴᠠᠭ᠎ᠠ ᠥᠨᠳᠥᠷ ᠪᠠᠶᠢᠷᠢᠨ ᠳᠤ ᠠᠵᠢᠯᠯᠠᠵᠤ᠂ ᠶᠡᠷᠦᠩᠬᠡᠢ ᠳᠤ ᠪᠠᠨ ᠲᠣᠭᠲᠠᠭᠤᠨ ᠪᠦᠭᠡᠳ ᠡᠮᠬᠢ ᠵᠢᠷᠤᠮ ᠲᠠᠢ ᠶᠠᠪᠤᠭᠳᠠᠪᠠ᠃ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 1397.59 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.16% ᠪᠠᠷ ᠨᠡᠮᠡᠭᠳᠡᠨ᠂ ᠡᠬᠢᠨ ᠤ ᠪᠠ ᠡᠴᠦᠰ ᠤᠨ ᠣᠷᠭᠢᠯ ᠦᠶ᠎ᠡ ᠶᠢᠨ ᠣᠨᠴᠠᠯᠢᠭ ᠢᠯᠡᠷᠡᠪᠡ᠃ ᠣᠷᠭᠢᠯ ᠬᠡᠮᠵᠢᠭᠳᠡᠯ ᠨᠢ ᠠᠮᠠᠷᠠᠯᠲᠠ ᠶᠢᠨ ᠨᠢᠭᠡᠳᠦᠭᠡᠷ ᠡᠳᠦᠷ ᠲᠤ ᠢᠯᠡᠷᠡᠵᠦ᠂ 477.64 ᠲᠦᠮᠡᠨ ᠬᠥᠮᠦᠨ ᠤᠳᠠᠭ᠎ᠠ ᠳᠤ ᠬᠦᠷᠴᠡᠢ᠃    ᠪᠥᠬᠦ ᠣᠷᠣᠨ ᠤ ᠡᠵᠡᠩᠨᠡᠯᠲᠡ ᠶᠢᠨ ᠴᠢᠨᠠᠷᠲᠠᠶ ᠲᠡᠭᠡᠭᠡᠪᠦᠷᠢ ᠳᠤ ᠨᠡᠶᠢᠲᠡ 101.43 ᠲᠦᠮᠡᠨ ᠬᠥᠮᠦᠨ ᠤᠳᠠᠭ᠎ᠠ ᠠᠶᠠᠨᠴᠢᠳ ᠢ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 9.61% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 3.86% ᠪᠠᠷ ᠪᠠᠭᠤᠷᠠᠪᠠ᠃ 9 ᠳ᠋ᠦ᠋ᠭᠡᠷ ᠰᠠᠷ᠎ᠠ ᠶᠢᠨ 15 ᠤ ᠡᠳᠦᠷ ᠤᠨ ᠣᠷᠭᠢᠯ ᠬᠡᠮᠵᠢᠭᠳᠡᠯ 38.56 ᠲᠦᠮᠡᠨ ᠬᠥᠮᠦᠨ ᠤᠳᠠᠭ᠎ᠠ ᠳᠤ ᠬᠥᠷᠪᠡ᠃ ᠡᠭᠦᠨ ᠳᠤ᠂ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 66.50 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.10% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢ ᠠᠴᠠ     0.98% ᠪᠠᠷ ᠨᠡᠮᠡᠭᠳᠡᠪᠡ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 13.83 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.73% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 19.36% ᠪᠠᠷ ᠪᠠᠭᠤᠷᠠᠪᠠ᠃ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 21.10 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.31% ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭᠠᠨ ᠤ ᠬᠢ ᠠᠴᠠ 6.20% ᠪᠠᠷ ᠪᠠᠭᠤᠷᠠᠪᠠ᠃    ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠴᠣᠪᠤᠷᠠᠯ ᠤᠨ ᠶᠡᠷᠦᠩᠬᠡᠶ ᠬᠡᠮᠵᠢᠶ᠎ᠡ ᠨᠡᠶᠢᠲᠡ 126.73 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.82% ᠢᠶᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 11.08% ᠪᠠᠷ ᠨᠡᠮᠡᠭᠳᠡᠪᠡ᠃ 9 ᠳ᠋ᠦ᠋ᠭᠡᠷ ᠰᠠᠷ᠎ᠠ ᠶᠢᠨ 15 ᠤ ᠡᠳᠦᠷ ᠲᠡᠷᠭᠡᠨ ᠴᠣᠪᠤᠷᠠᠯ ᠤᠨ ᠶᠡᠷᠦᠩᠬᠡᠶ ᠬᠡᠮᠵᠢᠶ᠎ᠡ ᠤᠨ ᠣᠷᠭᠢᠯ ᠬᠡᠮᠵᠢᠭᠳᠡᠯ 42.94 ᠲᠦᠮᠡ ᠳᠤ ᠬᠥᠷᠪᠡ᠃ ᠥᠪᠡᠷ ᠢᠶᠠᠨ ᠵᠢᠯᠣᠭᠤᠳᠴᠤ ᠪᠠᠶᠢᠭ᠎ᠠ ᠵᠢᠵᠢᠭ ᠠᠶᠠᠨᠴᠢᠳ ᠤᠨ ᠮᠠᠰᠢᠨ ᠲᠡᠷᠭᠡ ᠲᠥᠪᠯᠡᠷᠡᠵᠦ᠂ ᠠᠶᠠᠨᠴᠢᠳ ᠤᠨ ᠮᠠᠰᠢᠨ ᠲᠡᠷᠭᠡᠨ ᠤ ᠴᠣᠪᠤᠷᠠᠯ ᠤᠨ ᠬᠡᠮᠵᠢᠶ᠎ᠡ ᠨᠡᠶᠢᠲᠡ 96.17 ᠲᠦᠮᠡ ᠳᠤ ᠬᠦᠷᠴᠦ᠂ ᠲᠡᠷᠭᠡᠨ ᠴᠣᠪᠤᠷᠠᠯ ᠤᠨ ᠶᠡᠷᠦᠩᠬᠡᠶ ᠬᠡᠮᠵᠢᠶᠡᠨ ᠤ 75.89% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 40.48% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 17.61% ᠪᠠᠷ ᠨᠡᠮᠡᠭᠳᠡᠪᠡ᠃ ᠡᠭᠦᠨ ᠳᠤ᠂ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠠᠶᠠᠨᠴᠢᠳ ᠤᠨ ᠮᠠᠰᠢᠨ ᠲᠡᠷᠭᠡᠨ ᠤ ᠴᠣᠪᠤᠷᠠᠯ ᠤᠨ ᠬᠡᠮᠵᠢᠶ᠎ᠡ 95.01 ᠲᠦᠮᠡᠨ ᠲᠡᠷᠭᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 42.04% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 18.76% ᠪᠠᠷ ᠨᠡᠮᠡᠭᠳᠡᠪᠡ᠃ 7 ᠰᠠᠭᠤᠳᠠᠯ ᠠᠴᠠ ᠳᠡᠭᠡᠭᠰᠢᠬᠢ ᠠᠶᠠᠨᠴᠢᠳ ᠤᠨ ᠮᠠᠰᠢᠨ ᠲᠡᠷᠭᠡᠨ ᠤ ᠴᠣᠪᠤᠷᠠᠯ ᠤᠨ ᠬᠡᠮᠵᠢᠶ᠎ᠡ 1.16 ᠲᠦᠮᠡ ᠳᠤ ᠬᠦᠷᠪᠡ᠃ ᠪᠠᠷᠠᠭᠠᠨ ᠤ ᠲᠡᠷᠭᠡ ᠶᠢᠨ ᠴᠣᠪᠤᠷᠠᠯ ᠤᠨ ᠬᠡᠮᠵᠢᠶ᠎ᠡ ᠨᠡᠶᠢᠲᠡ 30.56 ᠲᠦᠮᠡ ᠳᠤ ᠬᠦᠷᠴᠦ᠂ 24.11% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 28.71% ᠪᠠᠷ ᠪᠠᠭᠤᠷᠠᠵᠤ᠂ 2019 ᠣᠨ ᠤ ᠠᠳᠠᠯᠢ ᠬᠤᠭᠤᠴᠠᠭᠠᠨ ᠤ ᠬᠢ ᠠᠴᠠ 5.45% ᠪᠠᠷ ᠪᠠᠭᠤᠷᠠᠪᠠ︔ ᠥᠪᠥᠷ ᠮᠣᠩᠭᠤᠯ ᠫᠠᠶᠢᠰᠠ ᠲᠠᠢ ᠪᠠᠷᠠᠭᠠᠨ ᠤ ᠲᠡᠷᠭᠡ 12.11 ᠲᠦᠮᠡ ᠳᠤ ᠬᠦᠷᠴᠦ᠂ 39.63% ᠶᠢ ᠡᠵᠡᠯᠡᠪᠡ︔ ᠠᠴᠢᠶ᠎ᠠ ᠦᠭᠡᠢ ᠪᠠᠷᠠᠭᠠᠨ ᠤ ᠲᠡᠷᠭᠡ 10.92 ᠲᠦᠮᠡ ᠳᠤ ᠬᠦᠷᠴᠦ᠂          35.73% ᠶᠢ ᠡᠵᠡᠯᠡᠪᠡ᠃    ᠪᠦᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠲᠦᠭᠵᠢᠷᠡᠬᠦ ᠪᠠᠶᠢᠳᠠᠯ ᠭᠠᠷᠤᠭᠰᠠᠨ ᠦᠭᠡᠶ᠃ ᠣᠷᠳᠣᠰ ᠬᠤᠲᠠ ᠶᠢᠨ ᠭᠤᠸᠠᠨ ᠨᠢᠶᠠᠨ ᠹᠠᠩ ᠭᠤᠣᠯ ᠱᠤᠭᠤᠮ ᠤᠨ ᠰᠦᠢᠳᠭᠡᠯ ᠬᠤᠷᠢᠶᠠᠬᠤ ᠥᠷᠲᠡᠭᠡ ᠶᠢᠨ ᠭᠠᠷᠴᠠ ᠶᠢᠨ ᠡᠳᠦᠷ ᠳᠤᠮᠳᠠᠴᠢ ᠴᠣᠪᠤᠷᠠᠯ ᠤᠨ ᠬᠡᠮᠵᠢᠶ᠎ᠡ ᠬᠠᠮᠤᠭ ᠦᠨᠳᠦᠷ ᠲᠤ ᠪᠠᠨ ᠲᠦᠮᠡ ᠰᠢᠬᠠᠮ  ᠪᠠᠶᠢᠨ᠎ᠠ᠃     ᠡᠩ ᠤᠨ ᠤᠯᠤᠰ ᠮᠤᠵᠢ ᠶᠢᠨ ᠵᠠᠮ ᠤᠨ ᠡᠳᠦᠷ ᠳᠤᠮᠳᠠᠴᠢ ᠶᠢᠨ ᠣᠭᠲᠣᠯᠤᠭᠠᠰᠤ ᠶᠢᠨ ᠵᠠᠮ ᠬᠠᠷᠢᠯᠴᠠᠭᠠᠨ ᠤ ᠬᠡᠮᠵᠢᠶ᠎ᠡ 5240 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.34% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 8.30% ᠪᠠᠷ ᠨᠡᠮᠡᠭᠳᠡᠵᠦ᠂ ᠠᠶᠠᠨᠴᠢᠳ ᠤᠨ ᠮᠠᠰᠢᠨ ᠲᠡᠷᠭᠡ ᠶᠢᠨ ᠵᠠᠮ ᠬᠠᠷᠢᠯᠴᠠᠭᠠᠨ ᠤ ᠬᠡᠮᠵᠢᠶ᠎ᠡ 3665 ᠪᠠᠶᠢᠵᠤ᠂ ᠪᠠᠷᠠᠭᠠᠨ ᠤ ᠲᠡᠷᠭᠡ ᠶᠢᠨ ᠵᠠᠮ ᠬᠠᠷᠢᠯᠴᠠᠭᠠᠨ ᠤ ᠬᠡᠮᠵᠢᠶ᠎ᠡ 1575  ᠪᠠᠶᠢᠪᠠ᠃ ᠰᠢᠬᠠᠯᠴᠠᠯ ᠤᠨ ᠬᠡᠮᠵᠢᠶ᠎ᠡ ᠨᠡᠯᠢᠶᠡᠳ ᠥᠨᠳᠥᠷ ᠵᠠᠮ ᠤᠨ ᠬᠡᠰᠡᠭ ᠨᠢ ᠭᠤᠣᠯᠳᠠᠭᠤ 210 ᠤᠯᠤᠰ ᠤᠨ ᠵᠠᠮ ᠤᠨ  ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠵᠠᠮ ᠤᠨ ᠬᠡᠰᠡᠭ᠂ 213 ᠮᠤᠵᠢ ᠶᠢᠨ ᠵᠠᠮ ᠤᠨ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠵᠠᠮ ᠤᠨ ᠬᠡᠰᠡᠭ ᠲᠤ ᠲᠥᠪᠯᠡᠷᠡᠪᠡ᠃    ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠡᠷᠲᠡᠬᠡᠨ ᠲᠦᠯᠦᠪᠵᠢᠭᠦᠯᠦᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠳᠤ ᠲᠡᠭᠡᠭᠡᠪᠦᠷᠢ ᠶᠢᠨ ᠦᠢᠯᠡᠴᠢᠯᠡᠭᠡᠨ ᠤ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠡᠢ᠃ ᠨᠢᠭᠡ ᠳᠤ᠂ ᠵᠠᠮ ᠤᠨ ᠲᠣᠣᠷ ᠤᠨ ᠠᠵᠢᠯᠯᠠᠭᠠᠨ ᠤ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ︽ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠶᠠᠪᠤᠵᠤ ᠰᠠᠭᠤᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠵᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ ᠬᠦᠳᠡᠯᠦᠯᠴᠡᠬᠦ ᠶᠢ ᠴᠢᠩᠭᠠᠳᠬᠠᠵᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠡᠳ᠋ ᠪᠣᠳᠠᠰ ᠢ ᠨᠥᠭᠡᠴᠡᠯᠡᠬᠦ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠪᠡ᠃ ᠬᠤᠶᠠᠷ ᠲᠤ᠂ ᠵᠠᠮ ᠤᠨ ᠲᠣᠣᠷ ᠤᠨ ᠠᠵᠢᠯᠯᠠᠭᠠᠨ ᠢ ᠬᠢᠨᠠᠨ ᠡᠵᠡᠮᠳᠡᠬᠦ ᠶᠢ ᠴᠢᠩᠭᠠᠳᠬᠠᠪᠠ᠃ ᠠᠮᠠᠷᠠᠯᠲᠠ ᠶᠢᠨ ᠬᠤᠭᠤᠴᠠᠭᠠᠨ ᠳᠤ ᠶᠠᠭ ᠪᠣᠷᠣᠭᠠᠨ ᠣᠷᠣᠬᠤ ᠴᠠᠭ ᠠᠭᠤᠷ ᠲᠣᠬᠢᠶᠠᠯᠳᠤᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠬᠥᠭᠦᠷᠭᠡᠨ ᠭᠤᠯᠳᠤᠩ᠂ ᠨᠦᠬᠡᠨ ᠵᠠᠮ ᠵᠡᠷᠭᠡ ᠭᠤᠣᠯᠳᠠᠯᠭ᠎ᠠ ᠲᠠᠢ ᠵᠠᠰᠠᠮᠠᠯ ᠵᠠᠮ ᠤᠨ ᠰᠠᠭᠤᠷᠢ ᠲᠦᠭᠦᠭᠡᠷᠦᠮᠵᠢ ᠶᠢ ᠪᠠᠶᠢᠴᠠᠭᠠᠬᠤ ᠳᠠᠪᠲᠠᠮᠵᠢ ᠤᠳᠠᠭ᠎ᠠ ᠶᠢ ᠨᠡᠮᠡᠭᠳᠡᠭᠦᠯᠵᠦ᠂      ᠴᠠᠭ ᠲᠤᠬᠠᠶ ᠳᠤ ᠨᠢ ᠵᠢᠯᠣᠭᠤᠳᠤᠨ ᠰᠢᠢᠳᠪᠦᠷᠢᠯᠡᠵᠦ᠂ ᠡᠭᠦᠰᠦᠮᠡᠯ ᠭᠠᠮᠰᠢᠭ ᠭᠠᠷᠬᠤ ᠠᠴᠠ ᠵᠠᠶᠢᠯᠠᠰᠬᠢᠪᠠ᠃ ᠭᠤᠷᠪᠠ ᠳᠤ᠂ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠡᠵᠡᠩᠨᠡᠯᠲᠡ ᠶᠢᠨ ᠠᠮᠤᠷ ᠲᠦᠪᠰᠢᠨ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠠᠬᠢᠯᠭᠠᠨ ᠴᠡᠨᠡᠭᠯᠡᠬᠦ ᠶᠠᠭᠠᠷᠠᠯᠲᠠᠶ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠷᠢᠳᠴᠢᠯᠠᠨ ᠨᠡᠮᠡᠵᠦ᠂ ᠬᠥᠮᠦᠨ ᠤ ᠬᠦᠴᠦᠨ ᠢ ᠨᠡᠮᠡᠭᠳᠡᠭᠦᠯᠦᠨ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ 668 ᠬᠥᠮᠦᠨ ᠤᠳᠠᠭ᠎ᠠ ᠲᠣᠭᠤᠷᠢᠨ ᠪᠠᠶᠢᠴᠠᠭᠠᠵᠤ᠂ ᠴᠠᠬᠢᠯᠭᠠᠨ ᠴᠡᠨᠡᠭᠯᠡᠬᠦ ᠦᠢᠯᠡᠴᠢᠯᠡᠭᠡ ᠶᠢ ᠴᠠᠭ ᠲᠤᠬᠠᠶ ᠳᠤ ᠨᠢ ᠪᠠᠲᠤᠯᠠᠪᠠ᠃ ᠲᠦᠷᠪᠡ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠲᠠᠲᠠᠶᠢᠵᠢᠭᠤᠯᠵᠤ᠂ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠴᠢᠩᠭᠠᠳᠬᠠᠵᠤ᠂ ᠨᠡᠶᠢᠳᠡ 4760 ᠬᠥᠮᠦᠨ ᠤᠳᠠᠭ᠎ᠠ ᠬᠥᠳᠡᠯᠭᠡᠵᠦ᠂ 305 ᠠᠵᠤ ᠠᠬᠤᠶᠢᠯᠠᠯ ᠢ ᠪᠠᠶᠢᠴᠠᠭᠠᠨ᠂ 247 ᠵᠦᠢᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ 233 ᠵᠦᠢᠯ  ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠪᠤᠰᠤᠳ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ ᠨᠠᠶᠢᠳᠠᠪᠤᠷᠢᠵᠢᠭᠤᠯᠵᠤ ᠪᠠᠶᠢᠨ᠎ᠠ᠃ ᠲᠠᠪᠤ ᠳᠤ᠂ ᠴᠠᠭ ᠲᠤᠬᠠᠶ ᠳᠤ ᠨᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠵᠦ᠂ ᠭᠠᠳᠠᠭᠰᠢ ᠭᠠᠷᠬᠤ ᠪᠠ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠣᠯᠠᠨ ᠨᠡᠶᠢᠲᠡ ᠶᠢᠨ ᠵᠦᠶ ᠵᠣᠬᠢᠰᠲᠠᠶ᠂ ᠣᠷᠭᠢᠯ ᠤᠨ ᠦᠶ᠎ᠡ ᠶᠢ ᠵᠥᠷᠢᠭᠦᠯᠦᠨ ᠭᠠᠳᠠᠭᠰᠢ ᠭᠠᠷᠬᠤ ᠶᠢ ᠬᠦᠲᠦᠯᠦᠨ ᠵᠢᠯᠤᠭᠤᠳᠪᠠ᠃ 12328᠂ 12345 ᠵᠡᠷᠭᠡ ᠦᠢᠯᠡᠴᠢᠯᠡᠭᠡᠨ ᠤ ᠬᠠᠯᠠᠮᠰᠢᠯ ᠤᠲᠠᠰᠤ ᠨᠢ ᠨᠡᠶᠢᠲᠡ 7007 ᠬᠤᠪᠢ ᠠᠵᠢᠯ ᠤᠨ ᠬᠠᠭᠤᠳᠠᠰᠤ ᠶᠢ ᠬᠦᠯᠢᠶᠡᠨ ᠠᠪᠴᠤ᠂ ᠡᠭᠦᠨ ᠳᠤ ᠨᠢᠭᠡᠨᠲᠡ 6734 ᠬᠤᠪᠢ ᠶᠢ ᠨᠢ ᠰᠢᠢᠳᠪᠦᠷᠢᠯᠡᠨ ᠳᠠᠭᠤᠰᠬᠠᠵᠤ᠂ 273 ᠬᠤᠪᠢ ᠶᠢ ᠨᠢ ᠰᠢᠢᠳᠪᠦᠷᠢᠯᠡᠵᠦ ᠪᠠᠶᠢᠨ᠎ᠠ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号