ᠵᠠᠮ ᠬᠠᠷᠢᠯᠴᠠᠭᠠᠨ ᠤ ᠰᠢᠨ᠎ᠡ ᠲᠤᠭ᠎ᠠ ᠪᠠᠷᠢᠮᠲᠠ — 393 ᠬᠦᠳᠡᠭᠡ ᠲᠣᠰᠬᠤᠨ ᠤ ᠵᠠᠰᠠᠮᠠᠯ ᠵᠠᠮ ᠤᠨ ᠲᠦᠷᠦᠯ ᠵᠦᠢᠯ ᠢ ᠠᠵᠢᠯ  ᠡᠬᠢᠯᠡᠭᠦᠯᠪᠡ
ᠨᠡᠶᠢᠲᠡᠯᠡᠭᠰᠡᠨ ᠴᠠᠭ᠄
2024/9/19
    2024 ᠣᠨ ᠤ 1 - 8 ᠳ᠋ᠤᠭᠠᠷ ᠰᠠᠷ᠎ᠠ ᠳᠤ᠂ ᠮᠠᠨ ᠤ ᠣᠷᠣᠨ ᠤ 393 ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠵᠠᠮ ᠤᠨ ᠤᠷᠲᠤ ᠨᠢ 3522 ᠺᠢᠯᠦᠮᠧᠲᠷ ᠪᠠᠶᠢᠵᠤ᠂ 155 ᠲᠥᠷᠥᠯ ᠵᠦᠢᠯ ᠢ ᠠᠵᠢᠯ ᠳᠠᠭᠤᠰᠬᠠᠵᠤ᠂ ᠠᠵᠢᠯ ᠳᠠᠭᠤᠰᠬᠠᠭᠰᠠᠨ ᠵᠠᠮ ᠤᠨ ᠤᠷᠲᠤ ᠨᠢ 1289 ᠺᠢᠯᠦᠮᠧᠲᠷ ᠪᠠᠶᠢᠵᠤ᠂ 32.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃
202409191720.jpg
    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠳᠤ ᠨᠠᠩ ᠳᠥᠭᠦᠮ ᠳᠥᠲᠡ᠂ ᠨᠠᠩ ᠰᠡᠳᠬᠢᠯ ᠢ ᠳᠤᠯᠠᠭᠠᠴᠠᠭᠤᠯᠬᠤ᠂ ᠨᠠᠩ ᠠᠮᠤᠷ ᠲᠦᠪᠰᠢᠨ ᠤ ᠲᠣᠭᠤᠷᠢᠨ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠲᠤ ᠪᠠᠷ ᠪᠠᠶᠠᠵᠢᠬᠤ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃    1 - 8 ᠳ᠋ᠤᠭᠠᠷ ᠰᠠᠷ᠎ᠠ ᠳᠤ᠂ ᠪᠥᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠪᠠᠶᠢᠭᠤᠯᠬᠤ 181 ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠬᠡᠪᠴᠢᠶ᠎ᠠ ᠨᠢ 5960 ᠤᠷᠳᠤᠳᠬᠠᠯ ᠮᠧᠲᠷ ᠪᠠᠶᠢᠵᠤ᠂ 82 ᠰᠠᠭᠤᠷᠢ ᠶᠢ ᠠᠵᠢᠯ ᠳᠠᠭᠤᠰᠬᠠᠵᠤ᠂ ᠠᠵᠢᠯ ᠳᠠᠭᠤᠰᠬᠠᠭᠰᠠᠨ ᠬᠡᠪᠴᠢᠶ᠎ᠠ ᠨᠢ 2280 ᠤᠷᠳᠤᠳᠬᠠᠯ ᠮᠧᠲᠷ ᠪᠠᠶᠢᠵᠤ᠂ 1.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︔ ᠨᠡᠶᠢᠲᠡ 163 ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠨ ᠳᠠᠯᠳᠠ ᠭᠡᠮ ᠢ ᠰᠢᠢᠳᠪᠦᠷᠢᠯᠡᠭᠰᠡᠨ ᠵᠠᠮ ᠤᠨ ᠤᠷᠲᠤ ᠨᠢ ᠨᠡᠶᠢᠲᠡ 481 ᠺᠢᠯᠦᠮᠧᠲᠷ ᠪᠠᠶᠢᠵᠤ᠂ 22 ᠲᠥᠷᠥᠯ ᠵᠦᠢᠯ ᠢ ᠠᠵᠢᠯ ᠳᠠᠭᠤᠰᠬᠠᠵᠤ᠂ ᠠᠵᠢᠯ ᠳᠠᠭᠤᠰᠬᠠᠭᠰᠠᠨ ᠵᠠᠮ ᠤᠨ ᠤᠷᠲᠤ ᠨᠢ 29 ᠺᠢᠯᠦᠮᠧᠲᠷ ᠪᠠᠶᠢᠵᠤ᠂ 0.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠨᠡᠶᠢᠲᠡ 882 ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠵᠦ᠂ 442 ᠲᠥᠷᠥᠯ ᠵᠦᠢᠯ ᠢ ᠨᠢᠭᠡᠨᠲᠡ ᠠᠵᠢᠯ ᠳᠠᠭᠤᠰᠬᠠᠵᠤ᠂ ᠠᠵᠢᠯ ᠡᠬᠢᠯᠡᠭᠦᠯᠦᠭᠰᠡᠨ ᠵᠠᠮ ᠤᠨ ᠤᠷᠲᠤ  ᠨᠢ 4464 ᠺᠢᠯᠦᠮᠧᠲᠷ ᠪᠠᠶᠢᠵᠤ᠂ ᠠᠵᠢᠯ ᠳᠠᠭᠤᠰᠬᠠᠭᠰᠠᠨ ᠵᠠᠮ ᠤᠨ ᠤᠷᠲᠤ ᠨᠢ 2356 ᠺᠢᠯᠦᠮᠧᠲᠷ ᠪᠠᠶᠢᠵᠤ᠂ 6.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃
202409191721.jpg
202409191722.jpg
    ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠷᠢᠳᠴᠢᠯᠠᠨ ᠪᠠᠶᠢᠷᠢᠯᠠᠭᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠡᠯ᠎ᠡ ᠭᠠᠵᠠᠷ ᠤᠨ ᠬᠢᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠠᠷᠠᠴᠢᠯᠠᠨ ᠬᠠᠮᠠᠭᠠᠯᠠᠬᠤ ᠠᠵᠢᠯ ᠢ ᠲᠦᠷᠭᠡᠳᠬᠡᠨ ᠠᠬᠢᠭᠤᠯᠬᠤ ᠶᠢ ᠰᠢᠮᠳᠠᠭᠤᠯᠵᠤ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢᠨ ᠬᠠᠮᠲᠤ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号