ᠪᠥᠬᠦ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ 2024 ᠣᠨ ᠤ ᠪᠥᠬᠦᠳᠡ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/9/2
    8 ᠳ᠋ᠤᠭᠠᠷ ᠰᠠᠷ᠎ᠠ ᠶᠢᠨ 28᠎ ᠤ ᠡᠳᠦᠷ᠂ ᠪᠥᠬᠦ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ 2024 ᠣᠨ ᠎ ᠤ ᠪᠥᠬᠦᠳᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ᠂ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠎ ᠤᠨ ᠳᠠᠷᠤᠭ᠎ᠠ ᠰᠢᠤᠸᠠᠢ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠂ ᠳᠡᠳ᠋ ᠬᠤᠷᠠᠯᠳᠤᠭᠤᠯᠤᠭᠴᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠭᠤᠤ ᠱᠢ ᠴᠢᠨ᠂ ᠳᠡᠳ᠋ ᠬᠤᠷᠠᠯᠳᠤᠭᠤᠯᠤᠭᠴᠢ᠂ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ ᠴᠢᠨ ᠵᠢᠶᠠᠨ ᠹᠧᠩ᠂ ᠬᠠᠮᠲᠤᠷᠠᠭᠰᠠᠨ ᠬᠤᠷᠠᠯ ᠤᠨ ᠭᠡᠰᠢᠭᠦᠨ᠂ ᠰᠢ ᠠᠨ ᠤ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠶᠠᠩ ᠬᠤᠩ ᠡᠦ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
202409021038.jpg
202409021039.jpg
    ᠬᠤᠷᠠᠯ ᠠᠴᠠ᠂ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠎ ᠨᠢ ᠶᠡᠷᠦᠩᠬᠡᠶ ᠱᠦᠵᠢ ᠰᠢ ᠶᠢᠨ ᠫᠢᠩ ᠤᠨ ᠲᠡᠮᠦᠷ ᠵᠠᠮ ᠤᠨ ᠠᠮᠤᠷ ᠲᠦᠪᠰᠢᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠲᠣᠳᠣᠷᠬᠠᠶᠢᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠴᠡᠭᠴᠡᠯᠡᠨ ᠵᠠᠰᠠᠭᠰᠠᠨ ᠪᠠᠶᠢᠳᠠᠯ ᠢ ᠲᠣᠬᠢᠷᠠᠭᠤᠯᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠲᠤᠨ ᠤ ᠬᠠᠮᠲᠤᠷᠠᠭᠰᠠᠨ ᠬᠤᠷᠠᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠡᠷᠡᠭ ᠵᠥᠪᠯᠡᠵᠦ ᠰᠣᠯᠢᠯᠴᠠᠬᠤ ᠲᠠᠪᠴᠠᠩ ᠢ ᠰᠠᠶᠢᠲᠤᠷ ᠪᠠᠶᠢᠭᠤᠯᠤᠨ᠂ ᠲᠡᠮᠦᠷ ᠵᠠᠮ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠎ ᠶᠢᠨ ᠬᠠᠷᠢᠭᠤᠴᠠᠯᠭ᠎ᠠ ᠪᠣᠯᠤᠨ ᠬᠠᠷᠢᠶ᠎ᠠ ᠭᠠᠵᠠᠷ ᠤᠨ ᠵᠠᠰᠠᠯᠲᠠ ᠶᠢᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠲᠡᠮᠦᠷ ᠵᠠᠮ ᠤᠨ ᠠᠵᠤ ᠠᠬᠤᠶᠢᠯᠠᠯ ᠤᠳ ᠬᠠᠷᠢᠶ᠎ᠠ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠎ ᠤ ᠭᠡᠮ ᠰᠤᠭᠤᠭ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ︔ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠣᠬᠢᠷᠠᠭᠰᠠᠨ ᠴᠠᠭ ᠲᠤ ᠬᠢᠨᠠᠨ ᠵᠢᠯᠣᠭᠤᠳᠴᠤ ᠪᠠᠶᠢᠴᠠᠭᠠᠬᠤ᠂ ᠵᠣᠬᠢᠴᠠᠭᠤᠯᠬᠤ ᠪᠠ ᠡᠯ᠎ᠡ ᠲᠠᠯ᠎ᠠ ᠶᠢᠨ ᠬᠦᠴᠦᠨ ᠢ ᠰᠢᠮᠳᠠᠭᠤᠯᠵᠤ ᠪᠠᠶᠢᠭᠠᠳ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ︔ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠢᠳᠡᠪᠬᠢᠲᠡᠶ ᠬᠠᠮᠵᠢᠯᠴᠠᠵᠤ᠂ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠂  ᠱᠠᠯᠠᠪᠳᠠᠨ ᠵᠢᠯᠣᠭᠤᠳᠴᠤ ᠰᠢᠯᠭᠠᠨ ᠬᠢᠨᠠᠬᠤ ᠶᠢ ᠴᠢᠩᠳᠡᠯᠡᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠵᠠᠮ ᠤᠨ ᠭᠠᠳᠠᠨᠠᠬᠢ ᠦᠬᠦᠯ ᠰᠢᠷᠬᠠᠲᠤᠯ ᠢ ᠬᠠᠮᠢᠶᠠᠷᠤᠨ ᠡᠵᠡᠮᠳᠡᠬᠦ᠂ ᠵᠠᠮ ᠤᠨ ᠠᠭᠤᠯᠵᠠᠷ ᠤᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠵᠠᠰᠠᠮᠠᠯ ᠵᠠᠮ ᠣᠰᠣᠨ ᠵᠠᠮ ᠲᠡᠮᠦᠷ ᠵᠠᠮ ᠤᠨ ᠠᠭᠤᠯᠵᠠᠷ ᠵᠡᠷᠭᠡᠴᠡᠭᠰᠡᠨ ᠭᠠᠵᠠᠷ ᠢ ᠰᠡᠷᠭᠡᠶᠢᠯᠡᠨ ᠬᠠᠮᠠᠭᠠᠯᠠᠬᠤ᠂ ᠬᠥᠩᠭᠡᠨ ᠬᠠᠲᠠᠭᠤ ᠬᠥᠪᠦᠮᠡᠯ ᠪᠣᠳᠠᠰ ᠪᠠ ᠪᠣᠳᠠ ᠮᠠᠯ ᠢ ᠵᠠᠮ ᠳᠤ ᠭᠠᠷᠬᠤ ᠶᠢ ᠵᠠᠰᠠᠬᠤ ᠵᠡᠷᠭᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠵᠢᠭᠯᠠᠬᠤ ᠬᠡᠷᠡᠭᠲᠡᠶ᠃ ᠲᠡᠮᠦᠷ ᠵᠠᠮ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠵᠠᠰᠠᠭ ᠤᠨ ᠣᠷᠳᠣᠨ ︽ᠬᠡᠰᠡᠭ ᠵᠣᠷᠪᠤᠰ︾᠎ ᠤᠨ ᠤᠶᠠᠯᠳᠤᠭᠤᠯᠬᠤ ᠶᠢ ᠴᠢᠩᠭᠠᠳᠬᠠᠵᠤ᠂ ︽ᠬᠡᠰᠡᠭ ᠵᠣᠷᠪᠣᠰ︾᠎ ᠤᠨ ᠦᠶᠯᠡᠳᠦᠯᠴᠡᠯ ᠢ ᠰᠠᠶᠢᠲᠤᠷ ᠬᠢᠵᠦ᠂ ᠲᠡᠮᠦᠷ ᠵᠠᠮ ᠎ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠡᠵᠡᠩᠨᠡᠯᠲᠡ᠂ ᠠᠮᠤᠷ ᠲᠦᠪᠰᠢᠨ ᠵᠡᠷᠭᠡ ᠬᠦᠷᠢᠶᠡᠨ ᠳᠠᠬᠢ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠂ ᠵᠠᠰᠠᠯᠲᠠ ᠶᠢᠨ ᠲᠥᠰᠦᠯ ᠢ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠵᠠᠰᠠᠯᠲᠠ ᠶᠢ ᠨᠠᠩ ᠰᠠᠶᠢᠲᠤᠷ ᠨᠠᠩ ᠲᠦᠷᠭᠡᠨ ᠠᠬᠢᠭᠤᠯᠵᠤ᠂ ᠠᠵᠤ ᠠᠬᠤᠶᠢᠯᠠᠯ ᠣᠷᠣᠨ ᠨᠤᠲᠤᠭ ᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ︽1 + 1 ∨ 2︾᠎ ᠤᠨ ᠦᠷ᠎ᠡ ᠪᠦᠲᠦᠮᠵᠢ ᠳᠤ ᠬᠥᠷᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠬᠡᠮ ᠰᠣᠭᠤᠭ ᠤᠨ ᠲᠡᠦᠬᠡᠲᠦ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠭᠡᠨᠡᠳᠲᠡ ᠶᠢᠨ ᠴᠢᠨᠠᠷ ᠪᠣᠯᠤᠨ ᠳᠠᠬᠢᠨ ᠳᠠᠪᠲᠠᠬᠤ ᠴᠢᠨᠠᠷ ᠢ ᠭᠦᠶᠴᠡᠳ ᠲᠠᠨᠢᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠤᠬᠠᠮᠰᠠᠷ ᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠣᠶᠢᠷᠠᠲᠤᠨ᠂ ᠬᠦᠴᠢᠷ ᠢ ᠰᠥᠷᠥᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠪᠣᠯᠤᠨ ᠠᠰᠠᠭᠤᠳᠠᠯ ᠢ ᠴᠠᠭ ᠲᠤᠬᠠᠶ ᠳᠤ ᠨᠢ ᠡᠵᠡᠮᠰᠢᠨ ᠵᠠᠳᠠᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠵᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
202409021040.jpg
     ᠬᠥᠯᠥᠨ ᠪᠣᠶᠢᠷ ᠬᠤᠲᠠ᠂ ᠲᠦᠩᠯᠢᠶᠣᠤ ᠬᠤᠲᠠ ᠵᠡᠷᠭᠡ ᠬᠤᠲᠠ ᠶᠢᠨ ᠲᠠᠰ ᠤᠨ ᠬᠠᠮᠲᠤᠷᠠᠭᠰᠠᠨ ᠬᠤᠷᠠᠯ ᠤᠨ ᠬᠠᠷᠢᠭᠤᠴᠠᠯᠭᠠᠲᠠᠨ ᠪᠠ ᠳᠤᠮᠳᠠᠳᠤ ᠤᠯᠤᠰ ᠤᠨ ᠲᠡᠮᠦᠷ ᠵᠠᠮ ᠤᠨ ᠮᠦᠭᠳᠡᠨ ᠤ ᠲᠣᠪᠴᠢᠶ᠎ᠠ ᠶᠢᠨ ᠪᠦᠯᠦᠭᠯᠡᠯ᠂ ᠤᠯᠤᠰ ᠎ ᠤᠨ ᠡᠨᠧᠷᠭᠢ ᠶᠢᠨ ᠰᠢᠨ ᠱᠦᠸᠧ ᠲᠡᠮᠦᠷ ᠵᠠᠮ ᠤᠨ ᠺᠣᠮᠫᠠᠨᠢ ᠵᠡᠷᠭᠡ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠪᠠᠶᠢᠳᠠᠯ ᠤᠨ ᠲᠣᠭᠤᠷᠢᠨ ᠳᠤ ᠭᠤᠤᠯᠳᠠᠯᠭ᠎ᠠ ᠲᠠᠢ ᠰᠣᠯᠢᠯᠴᠠᠭ᠎ᠠ ᠬᠢᠪᠠ᠃ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠥᠬᠦ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠬᠤᠲᠠ ᠶᠢᠨ ᠱᠠᠲᠤᠨ ᠤ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠵᠢᠴᠢ ᠠᠯᠪᠠᠨ ᠬᠡᠷ ᠤᠨ ᠬᠠᠷᠢᠭᠤᠴᠠᠯᠭᠠᠲᠠᠨ ᠬᠤᠷᠠᠯ ᠎ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号