ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠦᠵᠡᠯ ᠰᠠᠨᠠᠭ᠎ᠠ ᠪᠠᠨ ᠴᠢᠯᠦᠭᠡᠯᠡᠨ ᠦᠨᠡᠨ ᠠᠴᠠ ᠵᠥᠪ ᠢ ᠡᠷᠢᠵᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2024/9/2
    ᠯᠢ ᠴᠢᠶᠠᠩ ᠸᠠᠩ ᠬᠤ᠋ ᠨᠢᠩ ᠼᠠᠢ ᠴᠢ ᠬᠤᠷᠠᠯ ᠳᠤ ᠣᠷᠣᠯᠴᠠᠵᠠᠢ    ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 8 ᠰᠠᠷ᠎ᠠ ᠶᠢᠨ 29 ᠤ ᠦᠳᠡ ᠶᠢᠨ ᠡᠮᠦᠨ᠎ᠡ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠭᠤᠷᠢᠨ ᠳᠡᠭᠡᠷ᠎ᠡ ᠠᠬᠢᠭᠤᠯᠵᠤ᠂ ᠪᠠᠲᠤ ᠪᠠᠬᠢ ᠰᠠᠭᠤᠷᠢ ᠪᠣᠯᠣᠨ ᠠᠰᠢᠭᠲᠠᠢ ᠨᠥᠬᠦᠴᠡᠯ ᠢ ᠪᠦᠷᠢᠯᠳᠦᠭᠦᠯᠪᠡ᠃ ᠣᠳᠣ ᠪᠠᠶᠢᠭ᠎ᠠ ᠥᠭᠡᠷᠡᠴᠢᠯᠡᠯᠲᠡ ᠶᠢᠨ ᠦᠷ᠎ᠡ ᠪᠦᠲᠦᠭᠡᠯ ᠪᠣᠯᠣᠨ ᠴᠢᠬᠤᠯᠠ ᠲᠤᠷᠰᠢᠯᠭ᠎ᠠ ᠶᠢ ᠰᠠᠶᠢᠲᠤᠷ ᠬᠡᠷᠡᠭᠯᠡᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠥᠪ ᠢ ᠡᠷᠢᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃    ᠬᠤᠷᠠᠯ ᠠᠴᠠ ︽ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︿ᠲᠣᠭᠲᠠᠭᠠᠯ﹀ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠤᠨ ᠬᠤᠪᠢᠶᠠᠷᠢᠯᠠᠯ ᠤᠨ ᠲᠥᠰᠥᠯ︾᠂ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ 300 ᠭᠠᠷᠤᠢ ᠵᠦᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ ᠥᠭᠡᠷᠡᠴᠢᠯᠡᠯᠲᠡ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠣᠨ ᠤᠷᠢᠳ ᠢᠶᠠᠷ ᠪᠣᠳᠣᠯᠬᠢᠯᠠᠬᠤ ᠴᠢᠭᠯᠡᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠮᠦᠨ᠎ᠡ ᠬᠤᠶᠢᠨᠠᠬᠢ ᠲᠡᠰ ᠳᠠᠷᠠᠭᠠᠯᠠᠯ᠂ ᠭᠦᠭ ᠠᠶᠢᠵᠠᠮ ᠴᠠᠭ ᠲᠣᠭᠢᠶᠠᠯ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠨᠡᠩ ᠨᠢᠭᠲᠠ ᠤᠶᠠᠯᠳᠤᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠰᠢᠰᠲ᠋ᠧᠮᠵᠢᠭᠦᠯᠦᠨ ᠬᠤᠷᠠᠮᠳᠤᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ ᠲᠠᠢ ᠪᠤᠯᠬᠤ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠭᠦ ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠦᠨᠡᠯᠡᠵᠦ᠂ ᠥᠭᠡᠷᠡᠴᠢᠯᠡᠯᠲᠡ ᠪᠠ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠳᠠᠭᠠᠭᠤᠯᠤᠭᠴᠢ ᠨᠢᠭᠡᠴᠢ ᠪᠣᠯᠣᠨ ᠣᠷᠣᠯᠴᠠᠭᠴᠢ ᠨᠢᠭᠡᠴᠢ ᠨᠦᠭᠦᠳ ᠵᠣᠷᠢᠭᠲᠠᠢ ᠪᠠᠷ ᠡᠭᠦᠷᠭᠡᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠵᠤ ᠨᠤᠲᠠᠯᠠᠬᠤ ᠶᠢ ᠴᠢᠩᠭᠠᠳᠬᠠᠨ᠂ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ᠃ ᠥᠭᠡᠷᠡᠴᠢᠯᠡᠯᠲᠡ ᠶᠢᠨ ᠱᠠᠯᠠᠪᠳᠠᠭᠤᠯᠤᠨ ᠪᠠᠶᠢᠴᠠᠭᠠᠬᠤ᠂ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠵᠡᠷᠭᠡ ᠠᠵᠢᠯ ᠢ ᠴᠢᠩᠭᠠᠳᠬᠠᠵᠤ᠂ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠨ ᠪᠠᠶᠢᠭᠤᠯᠤᠭᠰᠠᠨ 22 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠨᠢ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠡᠭᠦᠳᠴᠦ᠂ ᠥᠭᠡᠷᠡᠴᠢᠯᠡᠯᠲᠡ ᠨᠡᠭᠡᠭᠡᠯᠲᠡ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠠᠪᠴᠠᠩ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠵᠣᠷᠢᠯᠭ᠎ᠠ ᠨᠢ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠳᠤ ᠰᠦᠪᠡᠭᠴᠢᠯᠡᠯᠲᠡ ᠬᠢᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢᠨ ᠲᠦᠪᠰᠢᠨ᠂ ᠰᠢᠰᠲ᠋ᠧᠮᠲᠦ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢ ᠪᠡᠶᠡᠯᠡᠭᠦᠯᠬᠦ ᠶᠢᠨ ᠲᠥᠯᠥᠭᠡ ᠶᠤᠮ᠃ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠬᠥᠲᠥᠯᠥᠨ ᠳᠠᠭᠠᠭᠤᠯᠬᠤ᠂ ᠳᠦᠷᠢᠮ ᠤᠨ ᠰᠢᠨ᠎ᠡ ᠶᠢ ᠡᠭᠦᠳᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠢ᠂ ᠬᠤᠷᠠᠮᠠᠯ ᠮᠠᠶ᠋ᠢᠭ ᠤᠨ ᠰᠦᠪᠡᠭᠴᠢᠯᠡᠯᠲᠡ ᠶᠢ ᠥᠷᠨᠢᠭᠦᠯᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠪᠡᠯᠡ ᠣᠷᠣᠭᠤᠯᠤᠯᠲᠠ ᠴᠢᠯᠦᠭᠡᠲᠡᠢ ᠪᠠᠶᠢᠬᠤ ᠳᠥᠭᠦᠮ ᠪᠤᠯᠬᠤ ᠶᠢ ᠠᠬᠢᠭᠤᠯᠵᠤ᠂ ᠠᠷᠠᠯᠵᠢᠶ᠎ᠠ᠂ ᠪᠡᠯᠡ ᠤᠷᠤᠭᠤᠯᠤᠯᠲᠠ᠂ ᠪᠡᠯᠡ ᠮᠥᠩᠭᠦ ᠶᠢᠨ ᠭᠦᠢᠯᠭᠡᠭᠡ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠰ ᠤᠨ ᠶᠠᠪᠤᠯᠴᠠᠭ᠎ᠠ ᠴᠢᠯᠦᠭᠡᠲᠡᠢ ᠪᠥᠭᠡᠳ ᠲᠥᠭᠦᠮ ᠪᠠᠶᠢᠬᠤ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠭᠦᠢᠯᠭᠡᠭᠡ ᠪᠠᠷ ᠭᠤᠣᠯᠳᠠᠯᠭ᠎ᠠ ᠪᠤᠯᠭᠠᠬᠰᠠᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号