ᠭᠠᠭᠴᠠᠮᠣᠳᠣ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 3000 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/9/23
    2024 ᠣᠨ ᠤ 9 ᠳ᠋ᠤᠭᠡᠷ ᠰᠠᠷ᠎ᠠ ᠶᠢᠨ 21᠎ ᠤ ᠡᠳᠦᠷ ᠪᠣᠯᠲᠠᠯ᠎ᠠ᠂ ᠭᠠᠭᠴᠠᠮᠣᠳᠣ ᠪᠣᠭᠤᠮᠲᠠ ᠶᠢᠨ ᠵᠢᠯ ᠤᠨ ᠳᠣᠲᠣᠷ᠎ᠠ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ 3000 ᠲᠦᠮᠡᠨ ᠲᠣᠨ ᠢ ᠳᠠᠪᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 3003.01 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.82%᠎ ᠢᠶᠠᠷ ᠨᠡᠮᠡᠭᠳᠡᠨ᠂ ᠪᠣᠭᠤᠮᠲᠠ ᠪᠠᠷ ᠪᠠᠷᠠᠭ᠎ᠠ ᠦᠩᠭᠡᠷᠡᠭᠦᠯᠦᠭᠰᠡᠨ ᠠᠴᠠ ᠨᠠᠭᠠᠰᠢᠬᠢ ᠠᠳᠠᠯᠢ ᠬᠤᠭᠤᠴᠠᠭᠠᠨ ᠤ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 29 ᠪᠦᠲᠦᠮᠵᠢᠲᠡᠶ ᠪᠣᠭᠤᠮᠲᠠ ᠪᠠᠷ ᠥᠩᠭᠡᠷᠡᠬᠦ ᠡᠳᠦᠷ ᠤᠷᠢᠳᠴᠢᠯᠠᠭᠤᠯᠪᠠ᠃    ᠭᠠᠭᠴᠠᠮᠣᠳᠣ ᠪᠣᠭᠤᠮᠲᠠ ᠪᠣᠯ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ᠂ ᠮᠠᠨ ᠤ ᠤᠯᠤᠰ ᠤᠨ ᠨᠢᠭᠡᠳᠦᠭᠡᠷ ᠲᠥᠷᠥᠯ ᠤᠨ ᠬᠠᠭᠤᠷᠠᠶ ᠵᠠᠮ ᠤᠨ ᠪᠣᠭᠤᠮᠲᠠ᠂ ᠴᠢᠬᠤᠯᠠ ᠡᠨᠧᠷᠭᠢ ᠶᠢᠨ ᠭᠠᠳᠠᠭᠠᠳᠤ ᠠᠴᠠ ᠣᠷᠣᠭᠤᠯᠬᠤ ᠨᠡᠪᠲᠡᠷᠡᠯ ᠵᠠᠮ ᠪᠣᠯᠬᠤ ᠪᠥᠭᠡᠳ ᠪᠠᠰᠠ ᠮᠠᠨ ᠤ ᠣᠷᠣᠨ ᠤ ᠪᠣᠭᠤᠮᠲᠠ ᠥᠩᠭᠡᠷᠡᠬᠦ ᠬᠡᠮᠵᠢᠶ᠎ᠡ ᠪᠠ ᠠᠷᠠᠯᠵᠢᠶᠠᠨ ᠤ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠪᠣᠭᠤᠮᠲᠠ ᠪᠣᠯᠤᠨ᠎ᠠ᠃    ᠣᠶᠢᠷ᠎ᠠ ᠶᠢᠨ ᠵᠢᠯ ᠤᠨ ᠲᠤᠷᠰᠢ᠂ ᠭᠠᠭᠴᠠᠮᠤᠳᠤ ᠪᠣᠭᠤᠮᠲᠠ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠶᠡᠭᠡ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠥᠩᠭᠡᠷᠡᠬᠦ ᠬᠠᠮᠲᠤᠷᠠᠯᠴᠠᠭ᠎ᠠ᠂ ᠲᠠᠪᠴᠠᠩ ᠤᠨ ᠬᠠᠮᠲᠤᠷᠠᠯᠴᠠᠭᠠᠨ ᠤ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号