ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠡᠯ᠎ᠡ ᠲᠥᠷᠥᠯ ᠤᠨ ᠨᠡᠪᠲᠡᠷᠡᠬᠦ ᠰᠦᠢᠳᠬᠡᠯ ᠤᠨ ᠠᠷᠠᠳ ᠪᠠ ᠲᠠᠷᠢᠶᠠᠯᠠᠩ ᠳᠤ ᠠᠰᠢᠭ | ᠬᠦᠷᠲᠡᠭᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | 1 —8 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠪᠲᠡᠷᠡᠬᠦ ᠰᠦᠢᠳᠬᠡᠯ ᠤᠨ ᠣᠷᠣᠯᠭ᠎ᠠ 1209762 ᠲᠦᠮᠡᠨ | ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.24% ᠪᠠᠷ ᠪᠠᠭᠤᠷᠠᠪᠠ︔ ᠨᠡᠶᠢᠲᠡ 138444 | ᠲᠦᠮᠡᠨ ᠲᠥᠭᠦᠷᠢᠭ ᠢ ᠬᠠᠰᠤᠨ ᠬᠡᠯᠲᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 32.33% ᠪᠠᠷ | ᠨᠡᠮᠡᠭᠳᠡᠪᠡ᠃ | ᠨᠢᠭᠡ ᠳᠤ᠂ ︽ᠬᠤᠯᠢᠰᠢᠨ ᠢᠳᠡᠭᠡᠨ︾ ᠤ ᠬᠠᠩᠭᠠᠯᠭ᠎ᠠ ᠶᠢ ᠪᠠᠲᠤᠯᠠᠪᠠ᠃ ᠪᠦᠬᠦᠯᠢ ᠲᠡᠷᠭᠡᠨ ᠳᠤ ᠠᠮᠢᠳᠤ | ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠬᠠᠤᠯᠢ ᠶᠣᠰᠣ ᠪᠠᠷ ᠲᠡᠭᠡᠭᠡᠵᠦ ᠵᠥᠭᠡᠭᠡᠪᠦᠷᠢᠯᠡᠭᠰᠡᠨ ᠲᠡᠷᠭᠡ ᠬᠥᠰᠬᠡ | ᠳᠤ ᠨᠡᠪᠲᠡᠷᠡᠬᠦ ᠰᠦᠢᠳᠬᠡᠯ ᠢ 29242 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ | ᠬᠤᠶᠠᠷ ᠲᠤ᠂ ᠳᠡᠭᠡᠳᠤ ᠬᠤᠷᠳᠤ ᠶᠢᠨ ᠵᠠᠮ ᠢᠶᠠᠷ ᠨᠡᠪᠲᠡᠷᠡᠬᠦ ᠰᠦᠢᠳᠬᠡᠯ ᠢ ETC ᠺᠠᠷᠲ ᠢᠶᠠᠷ ᠪᠦᠬᠦᠨ ᠢ | ᠲᠤᠰᠢᠶᠠᠭᠰᠠᠨ ᠬᠡᠷᠡᠭᠯᠡᠭᠴᠢ ᠳᠤ 9.5 ᠪᠠᠷ ᠨᠤᠭᠤᠯᠤᠨ ᠪᠤᠳᠤᠵᠤ᠂ ᠨᠡᠶᠢᠲᠡ 37773 ᠲᠦᠮᠡᠨ ᠲᠥᠭᠦᠷᠢᠭ ᠢ | ᠬᠠᠰᠤᠵᠤ ᠬᠡᠯᠲᠦᠷᠢᠭᠦᠯᠪᠡ᠃ | ᠭᠤᠷᠪᠠ ᠳᠤ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ ᠳᠡᠭᠡᠳᠤ ᠬᠤᠷᠳᠤ ᠶᠢᠨ ᠵᠠᠰᠠᠮᠠᠯ ᠵᠠᠮ ᠤᠨ | ᠰᠦᠶᠳᠬᠡᠯ ᠬᠤᠷᠢᠶᠠᠬᠤ ᠥᠬᠡᠶ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠵᠢᠵᠢᠭ ᠬᠡᠯᠪᠡᠷᠢ ᠶᠢᠨ ᠠᠶᠠᠨᠴᠢᠳ ᠤᠨ | ᠮᠠᠰᠢᠨ ᠲᠡᠷᠭᠡ ᠠᠴᠠ 52560 ᠲᠦᠮᠡᠨ ᠲᠥᠭᠦᠷᠢᠭ ᠤᠨ ᠰᠦᠶᠳᠬᠡᠯ ᠬᠡᠯᠲᠦᠷᠢᠭᠦᠯᠪᠡ᠃ | ᠳᠥᠷᠪᠡ ᠳᠤ᠂ ᠳᠡᠭᠡᠳᠤ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠶᠳᠬᠡᠯ ᠬᠤᠷᠢᠶᠠᠬᠤ ᠲᠥᠷᠥ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠶᠢᠲᠡ 9737 ᠲᠦᠮᠡᠨ ᠲᠥᠭᠦᠷᠢᠭ ᠢ ᠬᠠᠰᠤᠨ ᠬᠡᠯᠲᠦᠷᠢᠭᠦᠯᠪᠡ᠃ | ᠰᠢᠨ᠎ᠡ ᠡᠨᠧᠷᠭᠢ ᠶᠢᠨ ᠮᠠᠰᠢᠨ ᠲᠡᠷᠭᠡ ᠳᠤ 325 ᠲᠦᠮᠡᠨ ᠲᠥᠭᠦᠷᠢᠭ ᠵᠦᠷᠢᠶᠡᠵᠢᠭᠦᠯᠦᠨ ᠬᠠᠰᠤᠵᠤ ᠬᠡᠯᠲᠦᠷᠢᠭᠦᠯᠪᠡ᠃ | | ᠲᠠᠪᠤ ᠳᠤ᠂ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠡᠷᠭᠡ ᠬᠥᠰᠬᠡ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠦᠷᠢᠮᠲᠦ ᠴᠠᠭᠳᠠᠭᠠᠨ ᠤ ᠲᠡᠷᠭᠡ᠂ ᠵᠥᠪᠰᠢᠶᠡᠷᠡᠭᠦᠯᠦᠭᠡᠳ ᠠᠶᠤᠯ | ᠭᠠᠮᠰᠢᠭ ᠠᠴᠠ ᠠᠪᠤᠷᠬᠠᠤ ᠡᠭᠦᠷᠭᠡ ᠶᠢ ᠭᠦᠶᠴᠡᠳᠬᠡᠵᠦ ᠪᠠᠶᠢᠭ᠎ᠠ ᠲᠡᠷᠭᠡ ᠬᠥᠰᠬᠡ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠨᠡᠪᠲᠡᠷᠡᠬᠦ ᠰᠦᠶᠳᠬᠡᠯ ᠬᠤᠷᠢᠶᠠᠬᠤ ᠥᠬᠡᠶ ᠲᠡᠷᠭᠡ ᠬᠥᠰᠬᠡ ᠠᠴᠠ 8807 | ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ |