ᠡᠨᠡ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ | ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠠᠷ ᠭᠦᠢᠴᠡᠳᠭᠡᠵᠦ ᠳᠠᠭᠤᠰᠬᠠᠬᠤ︾ ᠶᠢ ᠦᠷᠬᠦᠯᠵᠢᠯᠡᠨ ᠠᠬᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ 4.0 ᠬᠡᠪᠯᠡᠯ ᠤᠨ ᠥᠭᠡᠷᠡᠴᠢᠯᠡᠯᠲᠡ ᠶᠢᠨ ᠲᠥᠰᠦᠯ ᠢ | ᠬᠡᠷᠡᠭᠵᠢᠭᠦᠯᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ︽ᠨᠢᠭᠡ ᠶᠠᠪᠤᠳᠠᠯ︾ ᠶᠢ ᠨᠡᠭᠡᠭᠡᠨ ᠡᠷᠬᠢᠯᠡᠬᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠥᠷᠢᠶ᠎ᠡ ᠴᠠᠷᠠᠭ᠎ᠠ ᠶᠢᠨ ᠢᠨᠵᠧᠨᠧᠷᠢᠩ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ︽ᠨᠢᠭᠡ ᠶᠠᠪᠤᠳᠠᠯ︾ ᠤᠨ ᠦᠢᠯᠡᠴᠢᠯᠡᠭᠡᠨ ᠤ ᠢᠵᠢ ᠦᠢᠯᠡᠴᠢᠯᠡᠭᠡ ᠶᠢ ᠠᠬᠢᠭᠤᠯᠤᠨ ᠪᠠᠶᠢᠭᠤᠯᠪᠠ᠃ | ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠬᠡᠷᠡᠭᠵᠢᠭᠦᠯᠵᠦ᠂ ᠲᠣᠰ | ᠰᠠᠯᠠᠭ᠎ᠠ ᠮᠦᠴᠢᠷ ᠤᠨ ᠡᠭᠦᠷᠭᠡᠯᠡᠬᠦ ᠡᠯ᠎ᠡ ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠦᠬᠦ ᠲᠠᠯ᠎ᠠ ᠪᠠᠷ | ᠡᠮᠬᠢᠯᠡᠨ ᠲᠢᠭᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠶᠢᠨ ᠠᠵᠢᠯ ᠤᠨ ᠳᠦᠷᠢᠮ ᠢ 31 ᠲᠣᠭᠲᠠᠭᠠᠨ | ᠲᠡᠭᠦᠯᠳᠡᠷᠵᠢᠭᠦᠯᠪᠡ︔ ︽ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠶᠢ ᠦᠷᠬᠦᠯᠵᠢᠯᠡᠨ | ᠭᠦᠨᠵᠡᠭᠡᠶᠢᠷᠡᠭᠦᠯᠵᠦ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ | ᠵᠥᠪᠰᠢᠶᠡᠷᠡᠯ ᠤᠨ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠦᠬᠦ ᠲᠠᠯ᠎ᠠ ᠪᠠᠷ ᠳᠦᠯᠬᠢᠨ ᠬᠡᠷᠡᠭᠵᠢᠭᠦᠯᠵᠦ᠂ | ᠣᠳᠤᠬᠠᠨ ᠨᠢᠭᠡᠨᠲᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠷᠢᠶ᠎ᠡ ᠴᠠᠷᠠᠭ᠎ᠠ ᠶᠢᠨ ᠭᠡᠷᠡᠴᠢᠯᠡᠬᠦ ᠵᠦᠢᠯᠡᠰ ᠢ ᠮᠡᠳᠡᠭᠳᠡᠵᠦ | ᠠᠮᠠᠯᠠᠭᠤᠯᠬᠤ ᠲᠦᠷᠢᠮ ᠢ 5 ᠵᠦᠢᠯ ᠢᠯᠡ ᠪᠠᠷ ᠬᠡᠷᠡᠭᠵᠢᠭᠦᠯᠪᠡ᠃ | ᠳᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠷᠢᠶ᠎ᠡ ᠴᠠᠷᠠᠭ᠎ᠠ ᠶᠢᠨ | ︽ᠨᠢᠭᠡ ᠶᠠᠪᠤᠳᠠᠯ︾ ᠢ ᠬᠡᠷᠡᠭᠯᠡᠬᠦ ᠦᠵᠡᠭᠳᠡᠯ ᠢ ᠦᠷᠬᠦᠯᠵᠢᠯᠡᠨ ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠬᠦᠴᠦᠲᠡᠶ | ᠪᠠᠲᠤᠯᠠᠭ᠎ᠠ ᠪᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠨ᠎ᠡ᠃ | |