︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠤᠨ᠎ᠠ — ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠪᠠᠰᠠ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2024/9/27
     9 ᠳ᠋ᠦ᠋ᠭᠡᠷ ᠰᠠᠷ᠎ᠠ ᠶᠢᠨ 22᠎ ᠤᠨ ᠡᠳᠦᠷ᠂ ᠬᠠᠮᠤᠭ ᠰᠡᠭᠦᠯᠴᠢ ᠶᠢᠨ 575 ᠲᠣᠨ ᠬᠦᠨᠳᠦ ᠪᠣᠯᠣᠳ ᠠᠪᠳᠠᠷᠠᠯᠢᠭ ᠨᠢᠷᠤᠭᠤ ᠶᠢ ᠠᠮᠵᠢᠯᠲᠠ ᠲᠠᠢ ᠳᠡᠭᠦᠵᠢᠯᠡᠨ ᠤᠭᠰᠠᠷᠠᠬᠤ ᠶᠢ ᠳᠠᠭᠠᠯᠳᠤᠨ᠂ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠳ᠋ᠧᠩᠺᠸᠤ ᠶᠢᠨ ᠬᠠᠲᠤᠨ ᠭᠤᠤᠯ ᠤᠨ ᠣᠨᠴᠠ ᠶᠡᠭᠡ ᠬᠥᠭᠦᠷᠭᠡ ᠶᠢ ᠤᠷᠤᠭᠰᠢᠲᠠᠶ ᠪᠠᠷ ᠨᠡᠶᠢᠯᠡᠭᠦᠯᠵᠦ᠂ ᠲᠠᠷᠠᠭᠠᠴᠢ ᠶᠢᠨ ᠵᠠᠮ ᠲᠡᠮᠦᠷ ᠳᠡᠪᠢᠰᠬᠦ ᠠᠵᠢᠯ ᠢ ᠬᠤᠭᠤᠴᠠᠭ᠎ᠠ ᠶᠣᠰᠣ ᠪᠠᠷ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ ᠦᠭᠴᠡᠢ᠃
微信图片_20240927195911.jpg
    ᠳ᠋ᠧᠩᠺᠸᠤ ᠶᠢᠨ ᠬᠠᠳᠤᠨ ᠭᠤᠣᠯ ᠤᠨ ᠣᠨᠴᠠ ᠶᠡᠭᠡ ᠬᠥᠭᠦᠷᠭᠡ ᠨᠢ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠪᠣᠯᠤᠨ ᠤᠷᠳᠤᠰ ᠬᠤᠳᠠ ᠶᠢᠨ ᠬᠠᠩᠭᠢᠨ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ᠂ ᠶᠡᠭᠡ ᠬᠥᠭᠦᠷᠭᠡ ᠎ ᠶᠢᠨ ᠪᠦᠬᠦ ᠤᠷᠳᠤ ᠨᠢ 5145.91 ᠮᠧᠲᠷ ᠪᠠᠶᠢᠵᠤ᠂ ᠬᠠᠳᠤᠨ ᠭᠤᠣᠯ ᠤᠨ ᠭᠤᠣᠯ ᠵᠠᠮ᠂ ᠪᠤᠭᠤᠲᠤ ᠠᠴᠠ ᠯᠠᠨᠵᠧᠦ ᠬᠦᠷᠬᠦ ᠲᠡᠮᠤᠷ ᠵᠠᠮ᠂ 110 ᠤᠯᠤᠰ ᠤᠨ ᠵᠠᠮ ᠪᠣᠯᠤᠨ ᠪᠡᠭᠡᠵᠢᠩ ᠠᠴᠠ ᠲᠥᠪᠡᠳ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠢ ᠰᠤᠨᠳᠠᠯᠠᠵᠤ᠂ ᠤᠯᠤᠰ ᠤᠨ ᠳᠣᠲᠣᠭᠠᠳᠤ ᠳᠤ ᠠᠩᠬ᠎ᠠ ᠤᠳᠠᠭ᠎ᠠ ᠲᠤᠮᠤ ᠬᠡᠯᠪᠡᠷᠢ ᠶᠢᠨ ᠰᠢᠯᠵᠢᠮᠡᠯ ᠵᠠᠭᠪᠤᠷ ᠪᠣᠯᠤᠨ ᠪᠣᠯᠣᠳ ᠠᠪᠳᠠᠷᠠᠯᠢᠭ ᠨᠢᠷᠤᠭᠤ ᠶᠢᠨ ᠬᠠᠮ ᠬᠡᠯᠪᠡᠷᠢ ᠶᠢᠨ ᠰᠢᠨ᠎ᠡ ᠮᠡᠷᠭᠡᠵᠢᠯ ᠢ ᠬᠡᠷᠡᠭᠯᠡᠨ ᠪᠦᠳᠦᠭᠡᠨ ᠪᠠᠶᠢᠭᠤᠯᠤᠭᠰᠠᠨ ᠳᠡᠭᠡᠳᠦ ᠬᠤᠷᠳᠤ ᠶᠢᠨ ᠲᠡᠮᠤᠷ ᠵᠠᠮ ᠤᠨ ᠣᠨᠴᠠ ᠶᠡᠭᠡ ᠬᠥᠭᠦᠷᠭᠡ ᠪᠠᠶᠢᠵᠤ᠂ ᠪᠦᠬᠦ ᠱᠤᠭᠤᠮ ᠤᠨ ᠭᠤᠣᠯᠳᠠᠯᠭ᠎ᠠ ᠲᠠᠢ ᠡᠵᠡᠮᠳᠡᠬᠦ ᠴᠢᠨᠠᠷᠲᠠᠢ ᠢᠨᠵᠧᠨᠧᠷᠢᠩ ᠳᠤ ᠵᠢᠭᠰᠠᠭᠠᠭᠳᠠᠪᠠ᠃ ᠪᠠᠷᠢᠯᠭ᠎ᠠ ᠶᠢᠨ ᠶᠠᠪᠤᠴᠠ ᠳᠤ ᠬᠠᠲᠤᠨ ᠭᠤᠤᠯ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠎ ᠶᠢᠨ ᠱᠠᠭᠠᠷᠳᠠᠯᠭ᠎ᠠ ᠥᠨᠳᠥᠷ᠂ ᠬᠠᠲᠤᠨ ᠭᠤᠤᠯ ᠤᠨ ᠦᠶᠡᠷ ᠤᠨ ᠬᠤᠭᠤᠴᠠᠭᠠᠨ ᠤ ᠤᠰᠤᠨ ᠲᠦᠪᠰᠢᠨ ᠥᠨᠳᠥᠷ ᠪᠠ ᠤᠰᠤᠨ ᠤᠷᠤᠰᠬᠠᠯ ᠤᠨ ᠤᠷᠤᠰᠬᠠᠭᠳᠠᠯ ᠶᠡᠭᠡ᠂ ᠶᠡᠭᠡ ᠠᠯᠭᠠᠰᠠᠯ ᠬᠤᠯᠠ ᠵᠠᠶ ᠲᠠᠢ ᠬᠥᠭᠦᠷᠭᠡ ᠶᠢᠨ ᠳᠡᠭᠦᠵᠢᠯᠡᠨ ᠤᠭᠰᠠᠷᠠᠬᠤ ᠨᠠᠷᠢᠯᠢᠭ ᠬᠡᠮᠵᠢᠶ᠎ᠡ ᠶᠢ ᠡᠵᠡᠮᠳᠡᠬᠦ ᠳᠤ ᠬᠦᠴᠢᠷ ᠵᠡᠷᠭᠡ ᠠᠯᠢ ᠣᠯᠠᠨ ᠬᠦᠴᠢᠷᠳᠡᠯ ᠢ ᠢᠯᠡᠨ ᠳᠠᠪᠠᠵᠤ᠂ ᠪᠣᠯᠣᠳ ᠠᠪᠳᠠᠷᠠᠯᠢᠭ ᠨᠢᠷᠤᠭᠤ ᠶᠢ ᠨᠠᠷᠢᠯᠢᠭ ᠣᠨᠣᠪᠴᠢᠲᠠᠶ᠂ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠪᠠᠲᠤᠯᠠᠪᠠ᠃ ᠪᠠᠷᠢᠯᠭ᠎ᠠ ᠶᠢᠨ ᠳᠤᠮᠳᠠ ᠬᠥᠭᠦᠷᠭᠡᠨ ᠳᠡᠭᠡᠷᠡᠬᠢ ᠡᠷᠭᠦᠭᠦᠷ ᠮᠠᠰᠢᠨ ᠤ ᠰᠢᠩᠭᠡᠨ ᠳᠠᠷᠤᠴᠠ ᠶᠢ ᠵᠡᠷᠭᠡ ᠳᠤ ᠨᠢ ᠪᠦᠬᠦᠯᠢ ᠴᠣᠭᠴᠠ ᠪᠠᠷ ᠳᠡᠭᠦᠵᠢᠯᠡᠨ ᠤᠭᠰᠠᠷᠠᠬᠤ ᠠᠷᠭ᠎ᠠ ᠬᠡᠯᠪᠡᠷᠢ ᠶᠢ ᠠᠪᠴᠤ᠂ ᠪᠦᠬᠦ ᠥᠷᠲᠡᠭᠡᠨ ᠤ ᠬᠡᠮᠵᠢᠭᠦᠷᠯᠢᠭ ᠢᠶᠠᠷ ᠪᠦᠬᠦ ᠲᠠᠯ᠎ᠠ ᠶᠢ ᠬᠢᠨᠠᠨ ᠬᠡᠮᠵᠢᠭᠡᠳ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠪᠤᠯᠤᠳ ᠠᠪᠳᠠᠷᠠᠯᠢᠭ ᠨᠢᠷᠤᠭᠤ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠨᠠᠷᠢᠨ ᠣᠨᠣᠪᠴᠢᠲᠠᠢ ᠪᠠᠷ ᠤᠭᠰᠠᠷᠠᠬᠤ ᠶᠢ ᠪᠠᠲᠤᠯᠠᠨ᠂ ᠳ᠋ᠧᠩᠺᠸᠤ ᠶᠢᠨ ᠬᠠᠳᠤᠨ ᠭᠤᠣᠯ ᠤᠨ ᠣᠨᠴᠠ ᠶᠡᠭᠡ ᠬᠥᠭᠦᠷᠭᠡ ᠶᠢ ᠲᠣᠭᠲᠠᠭᠰᠠᠨ ᠬᠤᠭᠤᠴᠠᠭᠠᠨ ᠳᠤ ᠤᠷᠤᠭᠰᠢᠲᠠᠢ ᠨᠡᠶᠢᠯᠡᠭᠦᠯᠵᠦ᠂ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠬᠠᠳᠤᠨ ᠭᠤᠣᠯ ᠤᠨ ᠬᠤᠶᠠᠷ ᠡᠷᠭᠢ ᠶᠢ ᠰᠤᠨᠳᠠᠯᠠᠬᠤ ᠵᠠᠮ ᠱᠤᠭᠤᠮ ᠢ ᠨᠡᠪᠲᠡᠷᠡᠭᠦᠯᠪᠡ᠃
微信图片_20240927195936.jpg
     ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠣᠯ ᠥᠪᠥᠷ ᠮᠣᠩᠭᠤᠯ ᠤᠨ ᠪᠤᠭᠤᠲᠤ ᠬᠤᠳᠠ ᠪᠣᠯᠤᠨ ᠨᠢᠩᠰᠢᠶᠠ ᠶᠢᠨ ᠢᠷᠭᠠᠢ ᠬᠤᠳᠠ ᠶᠢ ᠬᠤᠯᠪᠣᠭᠰᠠᠨ ᠳᠡᠭᠡᠳᠦ ᠬᠤᠷᠳᠤ ᠶᠢᠨ ᠲᠡᠮᠦᠷ ᠵᠠᠮ ᠪᠣᠯᠤᠨ᠎ᠠ᠂ ᠮᠥᠨ ᠴᠦ ᠤᠯᠤᠰ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠎ ᠤᠨ ᠪᠡᠭᠡᠵᠢᠩ ᠠᠴᠠ ᠯᠠᠨᠵᠧᠦ ᠬᠦᠷᠬᠦ ᠵᠠᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠰᠡᠨ ᠤ ᠳᠠᠷᠠᠭ᠎ᠠ᠂ ᠪᠤᠭᠤᠲᠤ ᠪᠣᠯᠤᠨ ᠢᠷᠭᠠᠢ ᠬᠤᠲᠠ ᠶᠢᠨ ᠬᠤᠭᠤᠷᠣᠨᠳᠣᠬᠢ ᠭᠠᠯᠲᠤ ᠲᠡᠷᠭᠡ ᠶᠢᠨ ᠠᠶᠠᠯᠠᠬᠤ ᠴᠠᠭ ᠢ ᠬᠠᠮᠤᠭ ᠤᠨ ᠬᠤᠷᠳᠤᠨ ᠳᠤ ᠪᠠᠨ 2 ᠴᠠᠭ ᠣᠷᠴᠢᠮ ᠪᠣᠯᠲᠠᠯ᠎ᠠ ᠪᠣᠭᠤᠨᠢᠰᠬᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号