8 ᠳ᠋ᠤᠭᠠᠷ ᠰᠠᠷ᠎ᠠ ᠶᠢᠨ 31 ᠤ ᠡᠳᠦᠷ᠂ 62 ᠡᠳᠦᠷ ᠤᠨ ᠵᠤᠨ ᠤ ᠠᠮᠠᠷᠠᠯᠲᠠ ᠶᠢᠨ ᠵᠥᠭᠡᠭᠡᠪᠦᠷᠢ ᠳᠠᠭᠤᠰᠪᠠ᠃ | ᠵᠣᠨ ᠤ ᠠᠮᠠᠷᠠᠯᠲᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠮᠠᠨ ᠤ ᠣᠷᠣᠨ ᠤ ᠳᠥᠷᠪᠡᠨ ᠵᠦᠭ ᠨᠠᠶᠮᠠᠨ | ᠵᠣᠪᠬᠢᠰ ᠲᠤ ᠨᠡᠪᠲᠡᠷᠡᠭᠰᠡᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠨᠢ | ᠵᠢᠭᠤᠯᠴᠢᠯᠠᠭᠰᠠᠳ ᠲᠤ ᠳᠥᠭᠦᠮ ᠳᠥᠲᠡ ᠶᠠᠪᠤᠵᠤ ᠰᠠᠭᠤᠬᠤ ᠰᠣᠩᠭᠤᠯᠲᠠ ᠬᠠᠩᠭᠠᠭᠰᠠᠨ ᠢᠶᠠᠷ ᠪᠠᠷᠠᠬᠤ ᠥᠬᠡᠶ᠂ | ᠵᠣᠨ ᠤ ᠠᠮᠠᠷᠠᠯᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠣᠯᠭᠤᠭᠰᠠᠨ | ᠪᠠᠶᠢᠨ᠎ᠠ᠃ | | | | ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ ᠵᠠᠰᠠᠮᠠᠯ ᠵᠠᠮ︾ ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠭ᠎ᠠ ᠪᠠᠷᠢᠮᠲᠠ ᠶᠢᠨ | ᠢᠯᠡᠷᠡᠭᠦᠯᠦᠭᠰᠡᠨ ᠢᠶᠠᠷ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ 8 ᠳ᠋ᠤᠭᠠᠷ ᠰᠠᠷ᠎ᠠ ᠶᠢᠨ 31 | ᠤ ᠡᠳᠦᠷ ᠪᠣᠯᠲᠠᠯ᠎ᠠ᠂ ᠪᠥᠬᠦ ᠣᠷᠣᠨ ᠤ ᠣᠷᠣᠨ ᠪᠦᠰᠡ ᠠᠯᠤᠰᠯᠠᠭᠰᠠᠨ ᠬᠥᠮᠦᠰ ᠤᠨ ᠰᠢᠯᠵᠢᠯᠲᠡ ᠶᠢᠨ ᠬᠡᠮᠵᠢᠶ᠎ᠡ 2. | 45 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠡᠳᠦᠷ ᠪᠦᠷᠢ ᠳᠤᠮᠳᠠᠴᠢ ᠪᠠᠷ 395 ᠲᠦᠮᠡᠨ ᠬᠥᠮᠦᠨ | ᠤᠳᠠᠭ᠎ᠠ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 1.55% ᠪᠠᠷ ᠨᠡᠮᠡᠭᠳᠡᠪᠡ᠃ | | | | ᠵᠢᠷᠤᠭ ᠪᠣᠯ ᠪᠤᠭᠤᠲᠤ ᠶᠢᠨ ᠭᠠᠯᠲᠤ ᠲᠡᠷᠭᠡᠨ ᠥᠷᠲᠡᠭᠡᠨ ᠤ ᠠᠶᠠᠨᠴᠢᠳ ᠤᠨ ᠴᠣᠪᠣᠷᠠᠯ ᠤᠨ ᠣᠷᠭᠢᠯ ᠤᠨ ᠦᠶ᠎ᠡ | ᠪᠣᠯᠣᠨ᠎ᠠ᠃ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ ᠠᠴᠠ ᠬᠠᠩᠭᠠᠪᠠ | ᠥᠪᠥᠷ ᠮᠣᠩᠭᠤᠯ ᠤᠨ ᠪᠠᠶᠢᠭᠠᠯᠢ ᠶᠢᠨ ᠥᠩᠭᠡ ᠦᠵᠡᠮᠵᠢ ᠭᠤᠶᠣ ᠰᠠᠶᠢᠬᠠᠨ᠂ ᠰᠣᠶᠣᠯ ᠵᠢᠭᠤᠯᠴᠢᠯᠠᠯ ᠤᠨ | ᠡᠬᠢ ᠪᠠᠶᠠᠯᠢᠭ ᠡᠯᠪᠡᠭ ᠪᠣᠯᠪᠠᠴᠤ ᠵᠡᠭᠦᠨ ᠪᠠᠷᠠᠭᠤᠨ ᠤ ᠵᠠᠢ ᠨᠢ ᠤᠷᠳᠤ᠂ ᠡᠯ᠎ᠡ ᠦᠵᠡᠮᠵᠢ ᠶᠢᠨ ᠣᠷᠣᠨ ᠤ | ᠬᠤᠭᠤᠷᠣᠨᠳᠣ ᠨᠡᠯᠢᠶᠡᠳ ᠬᠤᠯᠠ ᠪᠠᠶᠢᠳᠠᠭ᠃ ᠵᠢᠭᠤᠯᠴᠢᠯᠠᠭᠰᠠᠳ ᠤᠨ ᠶᠠᠪᠤᠵᠤ ᠰᠠᠭᠤᠬᠤ ᠪᠡᠶᠡᠴᠢ ᠣᠶᠢᠯᠠᠭᠠᠯᠲᠠ ᠶᠢ | ᠨᠠᠩ ᠰᠠᠶᠢᠲᠤᠷ ᠰᠢᠯᠢᠳᠡᠭᠵᠢᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠬᠢᠨ ᠵᠠᠰᠠᠮᠠᠯ ᠵᠠᠮ ᠤᠨ ᠲᠣᠤᠷ ᠬᠢᠭᠡᠳ | ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠣᠯᠭᠠᠯᠴᠠᠭ᠎ᠠ ᠶᠢ ᠲᠦᠷᠭᠡᠳᠬᠡᠵᠦ᠂ ᠪᠥᠬᠦ ᠣᠷᠣᠨ ᠤ 303 3A | ᠲᠠᠰ ᠠᠴᠠ ᠳᠡᠭᠡᠭᠰᠢᠬᠢ ᠦᠵᠡᠮᠵᠢ ᠶᠢᠨ ᠣᠷᠣᠨ ᠳᠤ ᠴᠥᠮ ᠵᠠᠰᠠᠮᠠᠯ ᠵᠠᠮ ᠨᠡᠪᠲᠡᠷᠡᠪᠡ︔ ᠳᠡᠭᠡᠳᠤ ᠲᠡᠰ ᠤᠨ | ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠨ ᠲᠣᠬᠢᠷᠠᠭᠤᠯᠬᠤ ᠵᠢᠴᠢ ᠶᠠᠪᠤᠵᠤ ᠰᠠᠭᠤᠬᠤ ᠦᠢᠯᠡᠴᠢᠯᠡᠭᠡ ᠶᠢ | ᠰᠢᠯᠢᠳᠡᠭᠵᠢᠭᠦᠯᠬᠦ ᠠᠵᠢᠯ ᠢ ᠢᠳᠡᠪᠬᠢᠲᠡᠢ ᠠᠬᠢᠭᠤᠯᠵᠤ᠂ ᠥᠷᠭᠡᠨ ᠠᠭᠤᠳᠠᠮ ᠲᠡᠷᠭᠡ ᠴᠥᠭᠡᠨ ᠲᠠᠯ᠎ᠠ ᠨᠤᠲᠤᠭ ᠤᠨ | ᠵᠠᠰᠠᠮᠠᠯ ᠵᠠᠮ ᠢ ᠵᠢᠭᠤᠯᠴᠢᠯᠠᠭᠰᠠᠳ ᠤᠨ ᠳᠠᠷᠤᠭᠠᠰᠤ ᠶᠢ ᠬᠥᠩᠭᠡᠷᠡᠭᠦᠯᠬᠦ ᠴᠡᠪᠡᠷ ᠵᠠᠮ ᠪᠣᠯᠭᠠᠵᠤ᠂ ᠳᠣᠯᠣᠭᠠᠨ ᠬᠤᠪᠢ | ᠠᠴᠠ ᠳᠡᠭᠡᠭᠰᠢᠬᠢ ᠳᠡᠭᠡᠳᠤ ᠬᠤᠷᠳᠤ ᠶᠢᠨ ᠵᠠᠰᠠᠮᠠᠯ ᠵᠠᠮ ᠢ 120 ᠺᠢᠯᠣᠮᠧᠲᠷ / ᠴᠠᠭ ᠤᠨ ᠬᠤᠷᠳᠤᠴᠠ ᠪᠠᠷ | ᠠᠵᠢᠯᠯᠠᠭᠤᠯᠤᠨ ᠬᠠᠮᠢᠶᠠᠷᠴᠠᠢ᠃ ᠡᠭᠦᠨ ᠠᠴᠠ ᠭᠠᠳᠠᠨ᠎ᠠ᠂ ᠨᠢᠭᠡ ᠪᠦᠯᠦᠭ ᠵᠠᠮ ᠬᠠᠷᠢᠯᠴᠠᠭᠠᠨ ᠤ ᠱᠤᠭᠤᠮ | ᠠᠰᠢᠭᠯᠠᠯᠲᠠ ᠳᠤ ᠣᠷᠣᠵᠤ᠂ ᠤᠯᠠᠭᠠᠨᠬᠠᠳᠠ ᠳ᠋ᠠᠪᠠᠨ ᠪᠠᠶᠠᠨᠬᠤᠸᠠ ᠬᠦᠷᠬᠦ ᠲᠡᠮᠦᠷ ᠵᠠᠮ ᠠᠩᠬ᠎ᠠ ᠤᠳᠠᠭ᠎ᠠ ᠠᠶᠠᠨᠴᠢᠳ | ᠤᠨ ᠭᠠᠯᠲᠤ ᠲᠡᠷᠭᠡ ᠶᠢ ᠨᠡᠪᠲᠡᠷᠡᠭᠦᠯᠵᠦ᠂ ᠤᠯᠠᠭᠠᠨᠬᠠᠳᠠ ᠪᠣᠯᠤᠨ ᠬᠥᠬᠡᠬᠤᠲᠠ ᠶᠢᠨ ᠬᠤᠭᠤᠷᠣᠨᠳᠣ ︽ᠦᠳᠡᠰᠢ | ᠮᠣᠷᠳᠠᠵᠤ ᠥᠷᠯᠥᠭᠡ ᠬᠦᠷᠬᠦ︾ ᠶᠢ ᠪᠡᠶᠡᠯᠡᠭᠦᠯᠪᠡ︔ ᠤᠯᠤᠰ ᠤᠨ ᠳᠣᠲᠣᠭᠠᠳᠤ ᠶᠢᠨ ᠬᠠᠮᠤᠭ ᠤᠨ ᠣᠷᠳᠣ ᠰᠠᠯᠪᠤᠷᠢ | ᠠᠶᠠᠯᠠᠯ ᠤᠨ ᠱᠤᠭᠤᠮ᠂ ᠠᠯᠠᠱᠠ ᠠᠶᠢᠮᠠᠭ ᠤᠨ ᠠᠩᠬᠠᠳᠠᠭᠴᠢ ︽ᠰᠠᠯᠪᠤᠷᠢ ᠱᠤᠭᠤᠮ ᠤᠨ ᠨᠡᠪᠲᠡᠷᠡᠬᠦ︾ ᠠᠶᠠᠯᠠᠯ ᠤᠨ | ᠱᠤᠭᠤᠮ᠂ ᠠᠯᠠᠱᠠ ᠵᠡᠭᠦᠨ ᠬᠤᠰᠢᠭᠤ = ᠪᠤᠭᠤᠲᠤ = ᠬᠥᠯᠥᠨ ᠪᠣᠶᠢᠷ ᠤᠨ ᠬᠠᠶᠢᠯᠠᠷ ᠠᠶᠠᠯᠠᠯ ᠤᠨ ᠱᠤᠭᠤᠮ | ᠠᠮᠵᠢᠯᠲᠠ ᠲᠠᠢ ᠪᠠᠷ ᠠᠩᠬ᠎ᠠ ᠠᠶᠠᠯᠠᠪᠠ︔ ᠣᠷᠳᠣᠰ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠮᠠᠯᠠᠶᠢᠰᠢᠶ᠎ᠠ ᠬᠥᠷᠬᠦ ᠣᠯᠠᠨ ᠤᠯᠤᠰ ᠤᠨ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠪᠡ ᠁ | | | | ᠠᠯᠠᠱᠠ ᠠᠶᠢᠮᠠᠭ ᠤᠨ ᠠᠩᠬᠠᠳᠠᠭᠴᠢ ︽ᠰᠠᠯᠪᠤᠷᠢ ᠱᠤᠭᠤᠮ ᠤᠨ ᠨᠡᠪᠲᠡᠷᠡᠬᠦ︾ ᠠᠶᠠᠯᠠᠯ ᠤᠨ ᠱᠤᠭᠤᠮ᠂ ᠠᠯᠠᠱᠠ | ᠵᠡᠭᠦᠨ ᠬᠤᠰᠢᠭᠤ = ᠪᠤᠭᠤᠲᠤ = ᠬᠥᠯᠥᠨ ᠪᠣᠶᠢᠷ ᠤᠨ ᠬᠠᠶᠢᠯᠠᠷ ᠠᠶᠠᠯᠠᠯ ᠤᠨ ᠱᠤᠭᠤᠮ ᠠᠮᠵᠢᠯᠲᠠ ᠲᠠᠢ ᠪᠠᠷ | ᠠᠩᠬ᠎ᠠ ᠠᠶᠠᠯᠠᠪᠠ᠃ ᠠᠯᠠᠱᠠ ᠶᠢᠨ ᠨᠢᠰᠬᠡᠯ ᠤᠨ ᠪᠠᠭᠤᠳᠠᠯ ᠠᠴᠠ ᠬᠠᠩᠭᠠᠪᠠ | ᠣᠶᠢᠯᠠᠭᠠᠭᠰᠠᠨ ᠢᠶᠠᠷ᠂ ᠡᠨᠡ ᠵᠢᠯ ᠤᠨ ᠵᠣᠨ ᠤ ᠠᠮᠠᠷᠠᠯᠲᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠵᠠᠰᠠᠮᠠᠯ | ᠵᠠᠮ ᠤᠨ ᠬᠥᠮᠦᠰ ᠤᠨ ᠰᠢᠯᠵᠢᠯᠲᠡ ᠶᠢᠨ ᠬᠡᠮᠵᠢᠶ᠎ᠡ 2.24 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.64% ᠪᠠᠷ ᠨᠡᠮᠡᠭᠳᠡᠪᠡ︔ ᠲᠡᠮᠦᠷ ᠵᠠᠮ ᠤᠨ ᠰᠠᠯᠠᠭ᠎ᠠ | ᠮᠥᠴᠢᠷ ᠤᠨ ᠬᠢᠨ ᠭᠠᠯᠲᠤ ᠲᠡᠷᠭᠡᠨ ᠤ ᠠᠶᠠᠯᠠᠯ ᠤᠨ ᠲᠥᠰᠦᠯ ᠢ ᠨᠠᠷᠢᠨ ᠨᠢᠮᠪᠠᠶ ᠲᠣᠭᠲᠠᠭᠠᠵᠤ᠂ ᠠᠩᠬᠠᠷᠤᠯ ᠢ | ᠲᠠᠲᠠᠭᠰᠠᠨ ᠴᠢᠭᠯᠡᠯ ᠤᠨ ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠦᠨ᠂ ᠠᠶᠠᠨᠴᠢᠳ ᠤᠨ ᠵᠣᠨ ᠤ ᠠᠮᠠᠷᠠᠯᠲᠠ ᠶᠢᠨ | ᠬᠤᠭᠤᠴᠠᠭᠠᠨ ᠳᠠᠬᠢ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠲᠡᠮᠦᠷ ᠵᠠᠮ | ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 1364.1 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ | ᠤ ᠠᠳᠠᠯᠢ ᠬᠤᠭᠤᠴᠠᠭᠠᠨ ᠤ ᠬᠢ ᠠᠴᠠ 0.76% ᠪᠠᠷ ᠨᠡᠮᠡᠭᠳᠡᠪᠡ︔ ᠠᠷᠠᠳ ᠤᠨ ᠠᠭᠠᠷ ᠤᠨ ᠲᠡᠭᠡᠭᠡᠪᠦᠷᠢ ᠶᠢᠨ | ᠦᠶᠯᠡᠰ ᠤᠨ ᠬᠢᠨ ᠲᠡᠭᠡᠭᠡᠪᠦᠷᠢ ᠶᠢᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠦᠭᠡᠳ᠂ ᠠᠶᠠᠯᠠᠯ ᠤᠨ ᠱᠤᠭᠤᠮ | ᠤᠨ ᠪᠠᠶᠢᠷᠢᠰᠢᠭᠤᠯᠤᠯᠲᠠ ᠪᠠᠨ ᠪᠠᠶᠠᠯᠢᠭᠵᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ ᠨᠢ 695.13 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 0.15% ᠪᠠᠷ ᠨᠡᠮᠡᠭᠳᠡᠪᠡ᠃ |