ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠥᠸᠧ ᠽᠢ ᠯᠢᠶᠠᠩ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠴᠣᠭᠴᠠ ᠨᠡᠪᠲᠡᠷᠡᠪᠡ
ᠨᠡᠶᠢᠲᠡᠯᠡᠭᠰᠡᠨ ᠴᠠᠭ᠄
2024/9/5
    8 ᠳ᠋ᠤᠭᠠᠷ ᠰᠠᠷ᠎ᠠ ᠶᠢᠨ 28᠎ ᠤ ᠡᠳᠦᠷ᠂ ᠤᠯᠤᠰ ᠤᠨ ᠵᠠᠮ ᠤᠨ 207 ᠱᠤᠭᠤᠮ ᠤᠨ ᠤᠰᠤᠨ ᠴᠥᠭᠦᠷᠥᠮ ᠠᠴᠠ ᠾᠥᠸᠧ ᠽᠢ ᠯᠢᠶᠠᠩ ᠬᠦᠷᠬᠦ ᠬᠡᠰᠡᠭ ᠤᠨ ᠵᠠᠰᠠᠮᠠᠯ ᠵᠠᠮ ᠤᠨ ᠭᠤᠣᠯ ᠴᠣᠭᠴᠠ ᠨᠡᠪᠲᠡᠷᠡᠪᠡ᠃    ᠲᠣᠰ ᠲᠥᠷᠥᠯ ᠵᠦᠢᠯ ᠤᠨ ᠪᠥᠬᠦ ᠣᠷᠳᠣ ᠨᠢ ᠪᠠᠷᠤᠭ 5.7 ᠺᠢᠯᠦᠮᠧᠲᠷ ᠪᠠᠶᠢᠵᠤ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ 2023 ᠣᠨ ᠤ 7 ᠳ᠋ᠤᠭᠠᠷ ᠰᠠᠷ᠎ᠠ ᠳᠤ ᠡᠬᠢᠯᠡᠨ ᠪᠥᠲᠥᠭᠡᠨ ᠪᠠᠶᠢᠭᠤᠯᠵᠤ᠂ 9 ᠳ᠋ᠦ᠋ᠭᠡᠷ ᠰᠠᠷ᠎ᠠ ᠶᠢᠨ 30᠎ ᠤ ᠡᠳᠦᠷ ᠠᠴᠠ ᠡᠮᠦᠨ᠎ᠡ ᠠᠵᠢᠯ ᠲᠤᠰᠢᠶᠠᠵᠤ ᠰᠢᠯᠭᠠᠨ ᠠᠪᠬᠤ ᠶᠢᠨ ᠬᠠᠮᠲᠤ ᠲᠡᠷᠭᠡ ᠨᠡᠪᠲᠡᠷᠡᠭᠦᠯᠦᠨ ᠲᠤᠷᠰᠢᠨ ᠠᠵᠢᠯᠯᠠᠭᠤᠯᠬᠤ ᠪᠠᠷ ᠲᠥᠯᠥᠪᠯᠡᠵᠦ ᠪᠣᠶ᠃    ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠤᠯᠤᠰ ᠤᠨ ᠵᠠᠮ ᠤᠨ 207 ᠱᠤᠭᠤᠮ ᠢ ᠰᠢᠯᠢᠩᠬᠤᠲᠠ ᠶᠢᠨ ᠬᠢᠯᠢ ᠥᠩᠭᠡᠷᠡᠬᠦ ᠣᠷᠣᠨ ᠪᠦᠰᠡ ᠳᠤ ᠲᠦᠷᠭᠡᠨ ᠬᠤᠯᠪᠣᠬᠤ ᠶᠢ ᠪᠡᠶᠡᠯᠡᠭᠦᠯᠵᠦ᠂ ᠰᠢᠯᠢᠩᠬᠤᠲᠠ ᠶᠢᠨ 63.4 ᠺᠢᠯᠦᠮᠧᠲᠷ ᠤᠨ ᠭᠠᠳᠠᠷ ᠲᠣᠭᠤᠷᠢᠯ ᠵᠠᠮ ᠢ ᠨᠡᠪᠲᠡᠷᠡᠭᠦᠯᠵᠦ᠂ ᠰᠢᠯᠢᠩᠬᠤᠲᠠ ᠶᠢᠨ ᠭᠠᠳᠠᠷ ᠲᠣᠭᠤᠷᠢᠯ ᠵᠠᠮ ᠵᠢᠴᠢ ᠤᠯᠤᠰ ᠤᠨ ᠵᠠᠮ ᠤᠨ 4 ᠭᠤᠤᠯ ᠱᠤᠭᠤᠮ ᠢ ᠵᠠᠪᠰᠠᠷ ᠥᠬᠡᠶ ᠵᠣᠯᠭᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ᠂ ᠰᠢᠯᠢᠩᠬᠤᠲᠠ ᠶᠢᠨ ᠬᠢᠯᠢ ᠥᠩᠭᠡᠷᠡᠬᠦ ᠵᠠᠮ ᠬᠠᠷᠢᠯᠴᠠᠭ᠎ᠠ ᠢᠯᠠᠩᠭᠤᠶ᠎ᠠ ᠬᠦᠨᠳᠦ ᠠᠴᠢᠶᠠᠨ ᠤ ᠲᠡᠷᠭᠡ ᠬᠥᠰᠬᠡ ᠶᠢᠨ ᠨᠡᠪᠲᠡᠷᠡᠬᠦ ᠳᠠᠷᠤᠯᠲᠠ ᠶᠢ ᠨᠠᠮᠳᠠᠭᠤᠯᠬᠤ᠂ ᠣᠷᠣᠨ ᠪᠦᠰᠡ ᠶᠢᠨ ᠵᠠᠰᠠᠮᠠᠯ ᠵᠠᠮ ᠤᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号