ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠮᠠᠯ ᠵᠠᠮ ᠤᠨ ᠥᠨᠳᠥᠷ ᠢ ᠬᠢᠵᠠᠭᠠᠷᠯᠠᠬᠤ ᠥᠷᠭᠡᠨ ᠢ ᠬᠢᠵᠠᠭᠠᠷᠯᠠᠬᠤ ᠲᠥᠬᠦᠭᠡᠷᠦᠮᠵᠢ ᠪᠠ ᠪᠠᠶᠢᠴᠠᠭᠠᠬᠤ ᠬᠤᠷᠢᠭ᠎ᠠ ᠴᠡᠭ ᠤᠨ ᠨᠠᠷᠢᠨ ᠲᠠᠩᠰᠠ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/6
    ︽ᠲᠣᠭᠲᠠᠭᠠᠯ ᠠᠴᠠ ᠵᠥᠷᠢᠴᠡᠨ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠠᠷᠰᠢᠯᠠᠵᠤ ᠪᠠᠶᠢᠭ᠎ᠠ ᠥᠨᠳᠥᠷ ᠢ ᠬᠢᠵᠠᠭᠠᠷᠯᠠᠬᠤ ᠥᠷᠭᠡᠨ ᠢ ᠬᠢᠵᠠᠭᠠᠷᠯᠠᠬᠤ ᠲᠥᠬᠦᠭᠡᠷᠦᠮᠵᠢ ᠪᠠ ᠪᠠᠶᠢᠴᠠᠭᠠᠬᠤ ᠬᠤᠷᠢᠭ᠎ᠠ ᠴᠡᠭ ᠲᠣᠬᠢᠷᠠᠭᠤᠯᠬᠤ ᠠᠵᠢᠯ ᠢ ᠡᠷᠡᠰ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠳᠣᠲᠣᠭᠠᠳᠤ ᠶᠢ ᠬᠠᠮᠠᠭᠠᠯᠠᠬᠤ ᠶᠠᠮᠤᠨ  ᠠᠮᠢ ᠠᠬᠤᠶ ᠣᠷᠴᠢᠨ ᠲᠣᠭᠤᠷᠢᠨ ᠤ ᠶᠠᠮᠤᠨ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠵᠠᠰᠠᠮᠠᠯ ᠵᠠᠮ ᠤᠨ ᠵᠠᠬᠢᠳᠠᠯ ﹇2021﹈ 224 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠨᠢ 2024 ᠣᠨ ᠳᠤ ᠪᠥᠬᠦ ᠣᠷᠣᠨ ᠤ ᠵᠠᠰᠠᠮᠠᠯ ᠵᠠᠮ ᠤᠨ ᠥᠨᠳᠥᠷ ᠢ ᠬᠢᠵᠠᠭᠠᠷᠯᠠᠬᠤ ᠥᠷᠭᠡᠨ ᠢ ᠬᠢᠵᠠᠭᠠᠷᠯᠠᠬᠤ ᠲᠥᠬᠦᠭᠡᠷᠦᠮᠵᠢ ᠪᠠ ᠪᠠᠶᠢᠴᠠᠭᠠᠬᠤ ᠬᠤᠷᠢᠭ᠎ᠠ ᠴᠡᠭ ᠢ ᠡᠮᠬᠢᠯᠡᠨ ᠲᠣᠬᠢᠷᠠᠭᠤᠯᠤᠯᠲᠠ ᠬᠢᠵᠦ᠂ ᠡᠳᠦᠭᠡ ᠮᠠᠨ ᠤ ᠣᠷᠣᠨ ᠤ 2024 ᠣᠨ ᠤ ᠦᠯᠡᠳᠡᠭᠡᠭᠰᠡᠨ 919 ᠭᠠᠵᠠᠷ ᠤᠨ ᠥᠨᠳᠥᠷ ᠢ ᠬᠢᠵᠠᠭᠠᠷᠯᠠᠬᠤ ᠵᠢᠶᠠᠰᠠ᠂ 23 ᠭᠠᠵᠠᠷ ᠤᠨ ᠥᠷᠭᠡᠨ ᠢ ᠬᠢᠵᠠᠭᠠᠷᠯᠠᠬᠤ ᠵᠢᠶᠠᠰᠠ᠂ 188 ᠭᠠᠵᠠᠷ ᠤᠨ ᠪᠠᠶᠢᠴᠠᠭᠠᠬᠤ ᠬᠤᠷᠢᠭ᠎ᠠ ᠴᠡᠭ ᠢ ᠰᠢᠨᠡᠳᠭᠡᠨ ᠵᠠᠷᠯᠠᠨ ᠨᠡᠶᠢᠲᠡᠯᠡᠪᠡ ︵ᠨᠠᠷᠢᠨ ᠲᠠᠩᠰᠠ ᠶᠢ ᠳᠠᠭᠠᠯᠳᠤᠭᠤᠯᠤᠯ ᠳᠤ ᠦᠵᠡ︶᠂ ᠤᠤᠯ ᠤᠨ 2021 ᠣᠨ ᠤ 8 ᠳ᠋ᠤᠭᠠᠷ ᠰᠠᠷ᠎ᠠ ᠳᠤ ᠵᠠᠷᠯᠠᠨ ᠨᠡᠶᠢᠲᠡᠯᠡᠭᠰᠡᠨ ᠨᠠᠷᠢᠨ ᠲᠠᠩᠰᠠ ᠶᠢ ᠬᠠᠮᠲᠤ ᠳᠤ ᠨᠢ ᠬᠦᠴᠦᠨ ᠥᠬᠡᠶ ᠪᠣᠯᠭᠠᠪᠠ᠃    ᠬᠠᠷᠢᠯᠴᠠᠬᠤ ᠬᠥᠮᠦᠨ᠄ ᠶᠠᠩ ᠴᠢᠩ ᠷᠦᠩ  0471 - 6280443                             ᠵᠠᠩ ᠷᠦᠩ  0471 - 5987140    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠮᠠᠯ ᠵᠠᠮ ᠤᠨ ᠥᠨᠳᠥᠷ ᠢ ᠬᠢᠵᠠᠭᠠᠷᠯᠠᠬᠤ ᠥᠷᠭᠡᠨ ᠢ ᠬᠢᠵᠠᠭᠠᠷᠯᠠᠬᠤ ᠲᠥᠬᠦᠭᠡᠷᠦᠮᠵᠢ ᠪᠠ ᠪᠠᠶᠢᠴᠠᠭᠠᠬᠤ ᠬᠤᠷᠢᠭ᠎ᠠ ᠴᠡᠭ ᠤᠨ ᠵᠠᠷᠯᠠᠨ ᠨᠡᠶᠢᠲᠡᠯᠡᠭᠰᠡᠨ ᠨᠠᠷᠢᠨ ᠲᠠᠩᠰᠠ᠂ xlsx                       ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                      2024 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ     
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号