ᠰᠢ ᠶᠢᠨ ᠫᠢᠩ ᠬᠢᠨᠠᠨ ᠪᠤᠳᠤᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠴᠢᠨᠠᠷ ᠰᠠᠶᠢᠲᠠᠶ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2025/1/13
   ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠢᠨᠠᠨ ᠪᠤᠳᠤᠬᠤ ᠠᠵᠢᠯ ᠳᠤ ᠴᠢᠬᠤᠯᠠ ᠵᠢᠭᠠᠪᠤᠷᠢ ᠥᠭᠴᠦ᠂ ᠬᠢᠨᠠᠨ ᠪᠤᠳᠤᠬᠤ ᠠᠵᠢᠯ ᠪᠣᠯ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠤᠢᠢᠷ᠎ᠠ ᠶᠢᠨ ᠵᠢᠯ ᠠᠴᠠ ᠬᠢᠨᠠᠨ ᠪᠤᠳᠤᠬᠤ ᠪᠠᠶᠢᠭᠤᠯᠭ᠎ᠠ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠠᠵᠤ ᠠᠬᠤᠢ ᠳᠤ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠶᠤᠯ ᠲᠦᠭᠰᠢᠭᠦᠷᠢ ᠭᠡᠮ ᠰᠣᠭᠤᠭ ᠢ ᠢᠯᠡᠷᠡᠭᠦᠯᠬᠦ᠂ ᠢᠯᠵᠢᠷᠡᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠪᠡ ᠭᠡᠵᠤ ᠵᠢᠭᠠᠵᠤ ᠭᠠᠷᠭᠠᠵᠠᠢ᠃    ᠰᠢ ᠶᠢᠨ ᠫᠢᠩ᠂ ᠰᠢᠨ᠎ᠡ ᠠᠶᠠᠨ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠳᠤᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯ ᠵᠢᠴᠢ ᠪᠥᠬᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 1 ᠰᠠᠷ᠎ᠠ ᠶᠢᠨ 10 ᠠᠴᠠ 11 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠵᠤ᠂ ᠪᠦᠬᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ 80 ᠲᠡᠷᠢᠭᠦᠨ ᠤ ᠬᠠᠮᠲᠤ᠂ 45 ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠪᠠ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号