1 ᠳ᠋ᠦ᠋ᠭᠡᠷ ᠰᠠᠷ᠎ᠠ ᠶᠢᠨ 14 ᠤ ᠡᠳᠦᠷ᠂ 40 ᠡᠳᠦᠷ ᠤᠨ ᠴᠠᠭᠠᠨ ᠰᠠᠷ᠎ᠠ ᠶᠢᠨ ᠵᠥᠭᠡᠭᠡᠪᠦᠷᠢ ᠵᠢᠩᠭᠢᠨᠢ ᠪᠠᠷ | ᠡᠬᠢᠯᠡᠪᠡ᠃ | ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ | ᠭᠤᠤ ᠱᠢ ᠴᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠰᠢᠤᠸᠠᠨ | ᠳ᠋ᠧᠩ ᠳ᠋ᠢᠶᠠᠨ ᠨᠠᠷ ᠬᠥᠬᠡᠬᠤᠲᠠ ᠶᠢᠨ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠲᠥᠪ᠂ ᠬᠥᠬᠡᠬᠤᠲᠠ | ᠶᠢᠨ ᠭᠠᠯᠲᠤ ᠲᠡᠷᠭᠡᠨ ᠤ ᠵᠡᠭᠦᠨ ᠠᠶᠠᠨᠴᠢᠳ ᠤᠨ ᠥᠷᠲᠡᠭᠡ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ | ᠤᠨ ᠨᠢᠰᠬᠡᠯ ᠤᠨ ᠪᠠᠭᠤᠳᠠᠯ᠂ G6 ᠪᠡᠭᠡᠵᠢᠩ ᠠᠴᠠ ᠲᠥᠪᠡᠳ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ | ᠬᠥᠬᠡᠬᠤᠲᠠ ᠶᠢᠨ ᠵᠡᠭᠦᠨ ᠰᠦᠶᠳᠬᠡᠯ ᠬᠤᠷᠢᠶᠠᠬᠤ ᠥᠷᠲᠡᠭᠡ ᠵᠡᠷᠭᠡ ᠥᠷᠲᠡᠭᠡ ᠲᠠᠯᠠᠪᠤᠷ ᠲᠤ ᠠᠮᠤᠷ ᠲᠦᠪᠰᠢᠨ ᠤ | ᠪᠠᠶᠢᠴᠠᠭᠠᠯᠲᠠ ᠬᠢᠪᠠ᠃ | | | | | | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠭ᠎ᠠ ᠪᠠᠷᠢᠮᠲᠠ ᠶᠢ | ᠦᠨᠳᠦᠰᠦᠯᠡᠪᠡᠯ᠂ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠳᠤ᠂ ᠮᠠᠨ ᠤ ᠣᠷᠣᠨ ᠤ ᠪᠥᠬᠦ ᠨᠡᠶᠢᠭᠡᠮ ᠤᠨ | ᠬᠥᠮᠦᠰ ᠤᠨ ᠰᠢᠯᠵᠢᠯᠲᠡ ᠶᠢᠨ ᠬᠡᠮᠵᠢᠶ᠎ᠡ ᠵᠢᠱᠢᠯᠲᠡ ᠪᠠᠷ 1.36 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ | 2024 ᠣᠨ ᠤ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠨ᠎ᠡ᠃ | ᠣᠯᠠᠨ ᠲᠦᠮᠡᠨ ᠢ ᠠᠮᠤᠷ ᠲᠦᠪᠰᠢᠨ ᠳᠥᠭᠦᠮ ᠳᠥᠲᠡ ᠬᠠᠯᠠᠭᠤᠨ ᠳᠤᠯᠠᠭᠠᠨ᠂ ᠵᠠᠮ ᠬᠠᠷᠢᠯᠴᠠᠭ᠎ᠠ ᠪᠠᠷᠠᠭᠠᠨ ᠤ | ᠭᠦᠢᠯᠭᠡᠭᠡ ᠶᠢᠨ ᠠᠮᠤᠷ ᠲᠦᠪᠰᠢᠨ ᠰᠠᠭᠠᠳ ᠥᠬᠡᠶ ᠡᠮᠬᠢ ᠵᠢᠷᠤᠮ ᠲᠠᠢ ᠪᠠᠶᠢᠯᠭᠠᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠶᠡᠷᠦᠩᠬᠡᠶᠢᠯᠡᠭᠰᠡᠨ ᠲᠡᠭᠡᠭᠡᠪᠦᠷᠢ | ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ | | | | ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠠᠶᠠᠨᠴᠢᠳ ᠤᠨ ᠪᠣᠯᠪᠠᠰᠤᠨ ᠢᠶᠠᠷ ᠶᠠᠪᠤᠵᠤ ᠰᠠᠭᠤᠬᠤ ᠶᠢ | ᠰᠠᠨᠠᠭᠠᠴᠢᠯᠠᠪᠠ᠃ | | | | ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠲᠥᠪ ᠤᠨ ᠵᠡᠭᠦᠨᠭᠠᠷ | ᠬᠤᠰᠢᠭᠤᠨ ᠤ ᠬᠤᠪᠢᠶᠠᠷᠢ ᠲᠥᠪ ᠤᠨ ᠠᠵᠢᠯᠲᠠᠨ ᠠᠴᠠ ᠠᠶᠠᠨᠴᠢᠳ ᠲᠤ ᠬᠠᠯᠠᠭᠤᠨ ᠳᠤᠯᠠᠭᠠᠨ ᠦᠶᠯᠡᠴᠢᠯᠡᠭᠡ | ᠬᠠᠩᠭᠠᠵᠤ ᠪᠠᠶᠢᠭ᠎ᠠ ᠨᠢ᠃ | | | | ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ | ᠤ ᠠᠰᠠᠷ ᠲᠤ᠂ ︽ᠬᠠᠯᠠᠭᠤᠮᠰᠤᠭ ᠵᠠᠮᠴᠢᠯᠠᠭᠴᠢ︾ ᠠᠶᠠᠨᠴᠢᠳ ᠲᠤ ᠶᠠᠪᠤᠵᠤ ᠰᠠᠭᠤᠬᠤ ᠦᠶᠯᠡᠴᠢᠯᠡᠭᠡ ᠬᠠᠩᠭᠠᠵᠤ | ᠪᠠᠶᠢᠭ᠎ᠠ ᠨᠢ᠃ | ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ | ᠠᠵᠢᠯ ᠤᠨ ᠲᠤᠰᠬᠠᠶ ᠠᠩᠭᠢ ᠪᠠᠶᠢᠭᠤᠯᠵᠤ᠂ ᠨᠠᠷᠢᠨ ᠲᠣᠳᠣᠷᠬᠠᠶ ᠠᠵᠢᠯ ᠤᠨ ᠲᠥᠰᠦᠯ ᠲᠣᠭᠲᠠᠭᠠᠨ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠶᠦᠯᠭᠦᠢ ᠦᠶᠯᠡᠳᠪᠦᠷᠢᠯᠡᠯ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠣᠬᠢᠶᠠᠨ | ᠪᠠᠶᠢᠭᠤᠯᠤᠯᠲᠠ᠂ ᠥᠪᠡᠰᠦᠪᠡᠨ ᠲᠡᠷᠭᠡ ᠵᠢᠯᠣᠭᠤᠳᠴᠤ ᠶᠠᠪᠤᠵᠤ ᠰᠠᠭᠤᠬᠤ ᠦᠶᠯᠡᠴᠢᠯᠡᠭᠡ᠂ ᠵᠠᠮ ᠬᠠᠷᠢᠯᠴᠠᠭ᠎ᠠ | ᠪᠠᠷᠠᠭᠠᠨ ᠤ ᠭᠦᠶᠯᠭᠡᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ ᠬᠥᠳᠡᠯᠦᠩᠭᠦᠶ ᠪᠠᠷ ᠰᠤᠳᠤᠯᠤᠨ ᠮᠠᠭᠠᠳᠯᠠᠬᠤ ᠪᠠ ᠠᠵᠢᠯᠯᠠᠭᠠᠨ ᠤ ᠬᠢᠨᠠᠨ ᠬᠡᠮᠵᠢᠬᠦ ᠶᠢ ᠴᠢᠩᠭᠠᠳᠬᠠᠪᠠ᠃ | | ᠠᠶᠦᠯᠭᠦᠢ ᠦᠢᠯᠡᠳᠪᠦᠷᠢᠯᠡᠯ ᠤᠨ ᠲᠠᠯ᠎ᠠ ᠪᠠᠷ | ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠤᠯᠭᠦᠶ ᠦᠶᠯᠡᠳᠪᠦᠷᠢᠯᠡᠯ ᠤᠨ ᠲᠠᠰ ᠳᠡᠪᠰᠢᠭᠦᠯᠦᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ | ᠲᠥᠪᠯᠡᠷᠡᠭᠦᠯᠦᠨ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠱᠠᠯᠠᠪᠳᠠᠭᠤᠯᠤᠨ ᠵᠢᠯᠤᠭᠤᠳᠬᠤ | ᠪᠠᠶᠢᠴᠠᠭᠠᠯᠲᠠ ᠶᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠥᠬᠦ ᠶᠠᠪᠤᠴᠠ ᠳᠤ ᠲᠤᠭᠤᠰᠢᠯᠠᠭᠤᠯᠤᠨ᠎ᠠ︔ ᠡᠪᠦᠯ ᠬᠠᠪᠤᠷ | ᠤᠨ ᠤᠯᠠᠷᠢᠯ ᠤᠨ ᠮᠠᠭᠤ ᠴᠠᠭ ᠠᠭᠤᠷ ᠠᠮᠠᠷᠬᠠᠨ ᠡᠭᠦᠰᠬᠦ ᠪᠥᠭᠡᠳ ᠣᠯᠠᠨᠲᠠ ᠭᠠᠷᠳᠠᠭ ᠪᠠᠶᠢᠳᠠᠯ ᠳᠤ ᠴᠢᠭᠯᠡᠭᠦᠯᠦᠨ᠂ | ᠴᠠᠭᠠᠨ ᠰᠠᠷ᠎ᠠ ᠶᠢᠨ ᠵᠥᠭᠡᠭᠡᠪᠦᠷᠢ ᠶᠢᠨ ᠴᠠᠭ ᠠᠭᠤᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠰᠡᠷᠡᠮᠵᠢᠯᠡᠭᠦᠯᠬᠦ | ᠲᠣᠭᠲᠠᠴᠠ ᠶᠢ ᠪᠠᠶᠢᠭᠤᠯᠵᠤ᠂ ᠴᠠᠰᠤ ᠮᠥᠰᠥ ᠶᠢ ᠠᠷᠢᠯᠭᠠᠬᠤ ᠵᠡᠷᠭᠡ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ | ᠬᠢᠵᠦ᠂ ᠭᠠᠷᠴᠤ ᠮᠡᠳᠡᠬᠦ ᠣᠨᠴᠠᠭᠠᠢ ᠴᠠᠭ ᠠᠭᠤᠷ ᠤᠨ ᠪᠠᠶᠢᠳᠠᠯ ᠢ ᠠᠷᠭᠠᠴᠠᠭᠠᠨ᠎ᠠ᠃ | ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ | ᠴᠠᠭᠠᠨ ᠰᠠᠷ᠎ᠠ ᠶᠢᠨ ᠵᠥᠭᠡᠭᠡᠪᠦᠷᠢ ᠶᠢᠨ ᠭᠠᠯᠲᠤ ᠲᠡᠷᠭᠡᠨ ᠤ ᠠᠶᠠᠯᠠᠯ ᠤᠨ ᠵᠢᠷᠤᠭ ᠢ ᠡᠬᠢᠯᠡᠨ ᠬᠡᠷᠡᠭᠯᠡᠬᠦ᠂ ᠵᠠᠮ | ᠲᠡᠭᠡᠭᠡᠪᠦᠷᠢ ᠶᠢᠨ ᠬᠦᠴᠦᠨ ᠤ ᠣᠷᠣᠭᠤᠯᠣᠯᠲᠠ ᠶᠢ ᠨᠡᠮᠡᠭᠳᠡᠭᠦᠯᠬᠦ᠂ ᠠᠭᠠᠷ ᠤᠨ ᠠᠶᠠᠯᠠᠯ ᠤᠨ ᠡᠭᠡᠯᠵᠢ ᠶᠢᠨ ᠨᠢᠰᠬᠡᠯ ᠢ | ᠰᠢᠯᠢᠳᠡᠭᠵᠢᠭᠦᠯᠦᠨ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠶᠠᠨᠴᠢᠳ ᠤᠨ ᠵᠥᠭᠡᠭᠡᠪᠦᠷᠢ ᠶᠢᠨ | ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠪᠠ᠃ ᠬᠥᠯᠥᠰᠥᠨ ᠠᠵᠢᠯᠴᠢᠨ᠂ ᠰᠣᠷᠣᠭᠴᠢ ᠵᠡᠷᠭᠡ ᠬᠥᠮᠥᠰ | ᠲᠤ ᠴᠢᠭᠯᠡᠭᠦᠯᠦᠨ ᠬᠡᠷᠡᠭᠴᠡᠭᠡ ᠶᠣᠰᠣ ᠪᠠᠷ ︽ᠴᠡᠭ ᠠᠴᠠ ᠴᠡᠭ ᠲᠤ ᠬᠥᠷᠬᠦ︾ ᠲᠦᠷᠢᠶᠡᠰᠦᠨ ᠮᠠᠰᠢᠨ ᠲᠡᠷᠭᠡ᠂ | ᠲᠤᠰᠬᠠᠶ ᠴᠤᠪᠤᠭ᠎ᠠ ᠲᠡᠷᠭᠡ ᠵᠡᠷᠭᠡ ᠦᠶᠯᠡᠴᠢᠯᠡᠭᠡ ᠬᠠᠩᠭᠠᠵᠤ᠂ ᠨᠠᠩ ᠠᠮᠢᠳᠤᠯᠢᠭ ᠣᠯᠠᠨ ᠶᠠᠩᠵᠤ ᠶᠢᠨ ᠠᠷᠭ᠎ᠠ | ᠮᠠᠶ᠋ᠢᠭ ᠢᠶᠠᠷ ᠲᠡᠳᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠪᠠ᠃ ᠡᠭᠦᠨ ᠤ ᠬᠠᠮᠲᠤ᠂ ᠳᠤᠯᠠᠭᠠᠯᠠᠭ᠎ᠠ ᠪᠠ | ᠬᠠᠩᠭᠠᠯᠭ᠎ᠠ ᠶᠢ ᠪᠠᠲᠤᠯᠠᠬᠤ ᠵᠡᠷᠭᠡ ᠡᠨᠧᠷᠭᠢ ᠶᠢᠨ ᠡᠳ᠋ ᠪᠣᠳᠠᠰ᠂ ᠠᠮᠤ ᠲᠣᠰᠣ᠂ ᠢᠳᠡᠰᠢᠨ ᠨᠣᠭᠤᠭ᠎ᠠ ᠵᠡᠷᠭᠡ ᠠᠷᠠᠳ | ᠤᠨ ᠠᠮᠢᠳᠤᠷᠠᠯ ᠤᠨ ᠡᠳ᠋ ᠪᠣᠳᠠᠰ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠡᠳ᠋ ᠪᠣᠳᠠᠰ ᠤᠨ ᠲᠡᠭᠡᠭᠡᠪᠦᠷᠢ | ᠶᠢᠨ ᠪᠠᠲᠤᠯᠠᠭ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠪᠠᠷᠠᠭᠠᠨ ᠤ ᠭᠦᠢᠯᠭᠡᠭᠡ ᠶᠢᠨ ᠰᠠᠭᠠᠳ ᠥᠬᠡᠶ | ᠨᠡᠪᠲᠡᠷᠡᠬᠦ ᠶᠢ ᠪᠠᠲᠤᠯᠠᠨ᠎ᠠ᠃ | | | | | | ᠠᠶᠠᠨᠴᠢᠳ ᠤᠨ ᠵᠠᠮ ᠵᠠᠭᠤᠷ᠎ᠠ ᠶᠢᠨ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ︽ᠰᠡᠳᠬᠢᠯ ᠳᠦᠭᠦᠷᠡᠩ ᠠᠶᠠᠨ | ᠵᠠᠮ︾ ᠤᠨ ᠠᠵᠢᠯᠯᠠᠭ᠎ᠠ ᠥᠷᠨᠢᠭᠦᠯᠵᠦ᠂ ᠬᠠᠯᠠᠭᠤᠮᠰᠤᠭ᠂ ᠢᠨᠢᠶᠡᠮᠰᠦᠭᠯᠡᠯ᠂ ᠪᠣᠯᠪᠠᠰᠤᠨ ᠦᠶᠯᠡᠴᠢᠯᠡᠭᠡ ᠶᠢ | ᠰᠠᠨᠠᠭᠠᠴᠢᠯᠠᠨ᠂ ᠭᠤᠤᠯᠳᠠᠯᠭ᠎ᠠ ᠲᠠᠢ ᠬᠥᠮᠦᠰ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠶᠠᠨᠴᠢᠳ ᠤᠨ | ᠮᠡᠳᠡᠭᠡ ᠵᠠᠩᠭᠢ ᠶᠢᠨ ᠠᠰᠠᠭᠤᠨ ᠯᠠᠪᠯᠠᠭ᠎ᠠ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠣᠯᠠᠨ ᠲᠦᠮᠡᠨ ᠤ | ᠵᠠᠭᠠᠯᠳᠤᠯᠭ᠎ᠠ ᠰᠠᠨᠠᠭᠤᠯᠭ᠎ᠠ ᠶᠢ ᠴᠠᠭ ᠲᠤᠬᠠᠶ ᠳᠤ ᠨᠢ ᠭᠥᠯᠢᠶᠡᠨ ᠠᠪᠴᠤ ᠰᠢᠶᠳᠪᠦᠷᠢᠯᠡᠬᠦ ᠪᠠ ᠮᠥᠷᠳᠡᠨ ᠰᠢᠮᠳᠠᠭᠤᠯᠤᠨ | ᠰᠢᠶᠳᠪᠦᠷᠢᠯᠡᠭᠦᠯᠦᠨ᠎ᠡ᠃ | | ᠡᠬᠡ ᠪᠢᠴᠢᠭ᠄ ᠲᠢᠩᠬᠢᠮ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ |