ᠪᠤᠭᠤᠲᠤ᠂ ᠣᠷᠳᠣᠰ ᠤᠨ ᠨᠠᠶᠢᠵᠠ ᠨᠠᠷ ᠤᠨ ᠬᠦᠰᠡᠭᠰᠡᠭᠡᠷ ᠪᠠᠶᠢᠭᠰᠠᠨ ᠬᠤᠲᠠ ᠶᠢᠨ ᠬᠤᠭᠤᠷᠣᠨᠳᠣᠬᠢ | ᠨᠡᠶᠢᠲᠡ ᠶᠢᠨ ᠮᠠᠰᠢᠨ ᠲᠡᠷᠭᠡᠨ ᠤ ᠱᠤᠭᠤᠮ — ᠪᠤᠭᠤᠲᠤ ᠬᠤᠲᠠ ᠠᠴᠠ ᠣᠷᠳᠣᠰ ᠬᠤᠲᠠ ᠶᠢᠨ ᠳᠠᠯᠠᠳ ᠬᠤᠰᠢᠭᠤ | ᠬᠦᠷᠬᠦ ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ 1 ᠳ᠋ᠦ᠋ᠭᠡᠷ ᠰᠠᠷ᠎ᠠ ᠶᠢᠨ 18 ᠤ ᠡᠳᠦᠷ | ᠠᠩᠬᠠᠳᠠᠭᠴᠢ ᠨᠡᠪᠲᠡᠷᠡᠯ᠎ᠡ︕ | | | | | | 1 ᠳ᠋ᠦ᠋ᠭᠡᠷ ᠰᠠᠷ᠎ᠡ ᠶᠢᠨ 18 ᠤ ᠡᠳᠤᠷ᠂ ᠪᠤᠭᠤᠳᠤ ᠬᠤᠳᠠ ᠠᠴᠠ ᠤᠷᠳᠤᠰ ᠬᠤᠳᠠ ᠶᠢᠨ ᠳᠠᠯᠠᠳ ᠬᠤᠰᠢᠭᠤ | ᠬᠦᠷᠬᠦ ᠬᠤᠲᠠ ᠶᠢᠨ ᠬᠤᠭᠤᠷᠣᠨᠳᠣᠬᠢ ᠨᠡᠶᠢᠳᠡ ᠶᠢᠨ ᠮᠠᠰᠢᠨ ᠲᠡᠷᠭᠡ ᠠᠩᠬᠠᠳᠠᠭᠴᠢ ᠨᠡᠪᠲᠡᠷᠡᠪᠡ᠃ ᠲᠣᠰ ᠤᠳᠠᠭᠠᠨ ᠤ | ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡᠨ ᠤ ᠨᠡᠪᠲᠡᠷᠡᠭᠦᠯᠭᠡ ᠪᠣᠯ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠶᠢ ᠨᠢᠭᠡ ᠴᠣᠭᠴᠠᠵᠢᠭᠤᠯᠤᠨ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠮᠥᠨ᠂ ᠡᠨᠡ ᠨᠢ ᠬᠤᠲᠠ ᠶᠢᠨ ᠬᠤᠭᠤᠷᠣᠨᠳᠣᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠯᠪᠣᠯᠳᠤᠨ | ᠨᠡᠪᠲᠡᠷᠡᠯᠴᠡᠬᠦ᠂ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | | | ᠬᠤᠲᠠ ᠶᠢᠨ ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠨᠢ ᠡᠬᠢᠨ ᠤ ᠬᠤᠭᠤᠴᠠᠭᠠᠨ ᠳᠤ | 5 ᠵᠠᠰᠠᠮᠠᠯ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠠᠶᠠᠨᠴᠢᠨ ᠤ ᠮᠠᠰᠢᠨ ᠲᠡᠷᠭᠡ ᠶᠢ ᠣᠷᠣᠭᠤᠯᠵᠤ᠂ ᠬᠥᠨᠳᠡᠯᠡᠨ | ᠲᠣᠭᠤᠷᠢᠭ - ᠳᠠᠯᠠᠳ ᠬᠤᠰᠢᠭᠤ ᠬᠦᠷᠬᠦ ᠵᠠᠮ ᠱᠤᠭᠤᠮ ︵C101 ᠳ᠋ᠦ᠋ᠭᠡᠷ ᠵᠠᠮ︶᠂ ᠳ᠋ᠦᠩ ᠾᠧ - ᠳᠠᠯᠠᠳ | ᠬᠤᠰᠢᠭᠤ ᠬᠦᠷᠬᠦ ᠵᠠᠮ ᠱᠤᠭᠤᠮ ︵C102 ᠳ᠋ᠤᠭᠠᠷ ᠵᠠᠮ︶ ᠭᠡᠬᠦ ᠬᠤᠶᠠᠷ ᠱᠤᠭᠤᠮ ᠢ ᠨᠡᠪᠲᠡᠷᠡᠭᠦᠯᠵᠦ᠂ ᠪᠦᠬᠦ | ᠶᠠᠪᠤᠴᠠ ᠳᠤ ᠨᠢᠭᠡ ᠪᠢᠯᠧᠲ ᠤᠨ ᠳᠦᠷᠢᠮ ᠢ ᠬᠡᠷᠡᠭᠵᠢᠭᠦᠯᠵᠦ᠂ ᠲᠤᠷᠰᠢᠨ ᠠᠵᠢᠯᠯᠠᠭᠤᠯᠬᠤ ᠬᠤᠭᠤᠴᠠᠭᠠᠨ ᠳᠤ | C101 ᠳ᠋ᠦ᠋ᠭᠡᠷ ᠵᠠᠮ 12 ᠲᠥᠭᠦᠷᠢᠭ᠂ C102 ᠳ᠋ᠤᠭᠠᠷ ᠵᠠᠮ 10 ᠲᠥᠭᠦᠷᠢᠭ ᠪᠣᠯᠤᠨ᠎ᠠ᠃ ᠡᠳᠦᠷ ᠤᠨ | ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠪᠠᠷᠤᠭ 500 ᠭᠠᠷᠤᠢ ᠬᠥᠮᠦᠨ ᠤᠳᠠᠭ᠎ᠠ ᠬᠦᠷᠬᠦ ᠪᠣᠯᠤᠨ᠎ᠠ᠃ | ᠡᠭᠦᠨ ᠤ ᠬᠠᠮᠲᠤ᠂ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠰᠠ ᠡᠵᠡᠩᠨᠡᠯᠲᠡ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠭᠠᠷᠴᠤ ᠮᠡᠳᠡᠬᠦ | ᠠᠶᠠᠨᠴᠢᠳ ᠤᠨ ᠴᠤᠪᠤᠷᠠᠯ ᠤᠨ ᠣᠷᠭᠢᠯ᠂ ᠭᠡᠨᠡᠳᠲᠡ ᠶᠢᠨ ᠵᠠᠮ ᠤᠨ ᠪᠠᠶᠢᠳᠠᠯ ᠵᠡᠷᠭᠡ ᠠᠰᠠᠭᠤᠳᠠᠯ ᠳᠤ ᠴᠢᠭᠯᠡᠭᠦᠯᠦᠨ᠂ | ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠣᠭᠲᠠᠭᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ | ᠠᠵᠢᠯᠯᠠᠬᠤ ᠶᠢ ᠦᠨᠡᠨ ᠬᠦ ᠪᠠᠲᠤᠯᠠᠵᠤ᠂ ᠬᠤᠶᠠᠷ ᠬᠤᠲᠠ ᠶᠢᠨ ᠠᠷᠠᠳ ᠣᠯᠠᠨ ᠳᠤ ᠴᠢᠨᠠᠷ ᠰᠠᠶᠢᠲᠠᠶ ᠶᠠᠪᠤᠵᠤ | ᠰᠠᠭᠤᠬᠤ ᠲᠥᠷᠥᠭᠳᠡᠯ ᠬᠠᠩᠭᠠᠪᠠ᠃ | | | | ᠡᠬᠡ ᠪᠢᠴᠢᠭ᠄ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | |