ᠶᠣᠰᠣ ᠬᠡᠯᠡᠵᠦ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠳᠤ᠂ ᠳᠣᠣᠷᠠᠬᠢ ᠮᠡᠲᠦ | ᠲᠠᠯ᠎ᠠ ᠪᠠᠷ ᠭᠤᠣᠯᠳᠠᠭᠤᠯᠤᠨ᠎ᠠ᠄ | ᠨᠢᠭᠡ᠂ ᠪᠦᠬᠦ ᠶᠠᠪᠤᠴᠠ ᠳᠤ ᠶᠣᠰᠣ ᠬᠡᠯᠡᠬᠦ ᠶᠢ ᠴᠢᠬᠤᠯᠠᠴᠢᠯᠠᠬᠤ ᠬᠡᠷᠡᠭᠳᠡᠢ᠃ ᠶᠤᠰᠤ ᠬᠡᠯᠡᠬᠦ ᠶᠢ ᠬᠠᠤᠯᠢ | ᠬᠡᠷᠡᠭᠵᠢᠭᠦᠯᠬᠦ ᠪᠦᠬᠦ ᠶᠠᠪᠤᠴᠠ ᠳᠤ ᠲᠣᠭᠤᠰᠢᠯᠠᠭᠤᠯᠬᠤ ᠬᠡᠷᠡᠭᠲᠡᠶ᠃ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ᠂ | ᠵᠢᠯᠤᠭᠤᠳᠤᠯᠭ᠎ᠠ ᠦᠢᠯᠡᠴᠢᠯᠡᠭᠡ ᠴᠤ ᠲᠡᠷᠡ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠭᠡᠰᠡᠨ ᠦᠭᠡᠢ ᠴᠥᠮ | ᠪᠦᠬᠦ ᠶᠠᠪᠤᠴᠠ᠂ ᠨᠡᠪᠲᠡᠷᠬᠡᠢ ᠶᠣᠰᠣ ᠬᠡᠯᠡᠬᠦ ᠬᠡᠷᠡᠭᠲᠡᠢ᠃ | ᠬᠤᠶᠠᠷ᠂ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠶ᠃ | ᠶᠣᠰᠣ ᠬᠡᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠤᠷᠢᠲᠠᠯ ᠪᠣᠯ ᠬᠠᠮᠢᠶ᠎ᠠ ᠪᠦᠬᠦᠢ ᠬᠠᠤᠯᠢ ᠴᠠᠭᠠᠵᠠ ᠶᠢᠨ | ᠦᠨᠳᠦᠰᠦᠯᠡᠯ ᠢ ᠰᠠᠶᠢᠨ ᠮᠡᠳᠡᠵᠦ᠂ ᠨᠡᠪᠲᠡᠷᠡᠯᠴᠡᠬᠦ ᠤᠷ᠎ᠠ ᠮᠡᠷᠭᠡᠵᠢᠯ ᠢ ᠪᠣᠯᠪᠠᠰᠤᠷᠠᠩᠭᠤᠶ ᠡᠵᠡᠮᠰᠢᠬᠦ ᠬᠡᠷᠡᠭᠲᠡᠢ᠃ | ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠮᠡᠳᠡᠯᠭᠡ ᠵᠢᠴᠢ ᠬᠠᠮᠢᠶ᠎ᠠ ᠪᠦᠬᠦᠢ ᠤᠨᠤᠯ ᠤᠨ | ᠰᠤᠷᠤᠯᠴᠠᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ ᠶᠢ ᠲᠠᠰᠤᠷᠠᠯᠳᠠ ᠦᠭᠡᠢ ᠬᠥᠮᠦᠵᠢᠭᠦᠯᠵᠦ᠂ ᠬᠠᠤᠯᠢ | ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠ | ᠰᠣᠯᠢᠯᠴᠠᠭ᠎ᠠ ᠨᠡᠪᠲᠡᠷᠡᠯᠴᠡᠭᠡ ᠶᠢᠨ ᠴᠢᠳᠠᠪᠤᠷᠢ ᠪᠠ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠵᠢᠯ ᠤᠨ ᠤᠷᠠᠯᠢᠭ ᠢ ᠭᠦᠢᠴᠡᠳ ᠡᠵᠡᠮᠰᠢᠵᠦ᠂ ᠬᠠᠤᠯᠢ ᠬᠡᠷᠡᠭᠵᠢᠭᠦᠯᠬᠦ ᠳᠤ ᠬᠡᠷᠡᠭᠯᠡᠬᠦ ᠦᠭᠡ ᠶᠢ ᠵᠢᠷᠤᠮᠵᠢᠭᠤᠯᠤᠨ | ᠬᠡᠷᠡᠭᠯᠡᠬᠦ ᠬᠡᠷᠡᠭᠲᠡᠢ᠃ ᠶᠣᠰᠣ ᠬᠡᠯᠡᠬᠦ ᠳᠤ ᠪᠠᠨ ᠠᠭᠤᠵᠢᠭᠤ ᠲᠠᠯᠪᠢᠭᠤ ᠰᠣᠯᠢᠯᠴᠠᠭᠠᠨ ᠤ ᠠᠭᠤᠷ ᠠᠮᠢᠰᠬᠤᠯ ᠢ | ᠴᠢᠳᠠᠮᠠᠭᠠᠢ ᠪᠠᠷ ᠪᠤᠢ ᠪᠣᠯᠭᠠᠵᠤ᠂ ᠬᠦᠯᠢᠴᠡᠩᠭᠦᠢ ᠪᠠᠷ ᠰᠡᠩᠬᠡᠷᠡᠭᠦᠯᠵᠦ᠂ ᠵᠥᠪ ᠢᠶᠠᠷ ᠬᠦᠳᠦᠯᠦᠨ ᠵᠢᠯᠣᠭᠤᠳᠴᠤ᠂ | ᠬᠠᠶᠢᠷ᠎ᠠ ᠰᠡᠳᠬᠢᠯᠭᠡ ᠪᠠᠷ᠂ ᠶᠣᠰᠣ ᠤᠴᠢᠷ ᠢ ᠮᠡᠳᠡᠭᠦᠯᠬᠦ ᠬᠡᠷᠡᠭᠲᠡᠢ᠃ ᠪᠣᠳᠠᠲᠤ ᠶᠠᠪᠤᠳᠠᠯ ᠢᠶᠠᠷ ᠦᠨᠳᠦᠰᠦᠯᠡᠯ | ᠪᠣᠯᠭᠠᠵᠤ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ ᠯᠣᠭᠢᠭ ᠨᠢ ᠴᠢᠩᠭ᠎ᠠ ᠨᠢᠮᠪᠠᠶ᠂ | ᠨᠤᠲᠠᠯᠠᠯ ᠨᠢ ᠨᠠᠷᠢᠨ ᠨᠢᠭᠲᠠ᠂ ᠶᠣᠰᠣ ᠬᠡᠯᠡᠬᠦ ᠨᠢ ᠭᠦᠢᠴᠡᠳ ᠪᠠᠶᠢᠯᠭᠠᠵᠤ᠂ ᠵᠠᠰᠠᠭ ᠵᠠᠬᠢᠷᠭᠠᠨ ᠤ ᠬᠠᠷᠢᠴᠠᠩᠭᠤᠶ | ᠬᠥᠮᠦᠨ ᠤ ᠰᠡᠵᠢᠭ ᠢ ᠲᠠᠶᠢᠯᠵᠤ ᠬᠠᠮᠢᠶᠠᠷᠬᠤ ᠶᠢ ᠭᠦᠢᠴᠡᠳᠬᠡᠬᠦ ᠬᠡᠷᠡᠭᠲᠡᠶ᠃ | ᠭᠤᠷᠪᠠ᠂ ᠪᠢᠴᠢᠭ ᠬᠠᠷ᠎ᠠ ᠵᠣᠬᠢᠶᠠᠬᠤ ᠶᠢ ᠴᠢᠬᠤᠯᠠᠴᠢᠯᠠᠬᠤ ᠬᠡᠷᠡᠭᠲᠡᠶ᠃ ᠶᠣᠰᠣ ᠬᠡᠯᠡᠬᠦ ᠮᠠᠶ᠋ᠢᠭ ᠤᠨ ᠬᠠᠤᠯᠢ | ᠬᠡᠷᠡᠭᠵᠢᠭᠦᠯᠬᠦ ᠪᠢᠴᠢᠭ ᠬᠠᠷ᠎ᠠ ᠪᠣᠯ ᠶᠣᠰᠣ ᠬᠡᠯᠡᠬᠦ ᠮᠠᠶ᠋ᠢᠭ ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠬᠤᠯᠠ | ᠠᠴᠢᠶᠠᠯᠠᠪᠤᠷᠢ ᠪᠠ ᠢᠯᠡᠷᠡᠯ ᠤᠨ ᠬᠡᠯᠪᠡᠷᠢ ᠮᠥᠨ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠪᠣᠳᠠᠲᠤ ᠬᠡᠷᠡᠭ᠂ | ᠭᠡᠷᠡᠴᠢ ᠪᠠᠷᠢᠮᠲᠠ᠂ ᠦᠨᠳᠦᠰᠦ ᠪᠠᠷᠢᠮᠲᠠ᠂ ᠳᠡᠰ ᠳᠠᠷᠠᠭᠠᠯᠠᠯ ᠪᠠ ᠳ᠋ᠦᠩᠨᠡᠯᠲᠡ ᠵᠡᠷᠭᠡ ᠠᠰᠠᠭᠤᠳᠠᠯ ᠤᠨ ᠲᠤᠬᠠᠶ ᠪᠦᠬᠦ | ᠲᠠᠯ᠎ᠠ ᠶᠢᠨ᠂ ᠶᠡᠷᠦᠩᠬᠡᠶᠢᠯᠡᠭᠰᠡᠨ ᠲᠤᠰᠬᠠᠯ ᠪᠠ ᠢᠯᠡᠷᠡᠯ ᠮᠥᠨ᠂ ᠪᠠᠶᠢᠴᠠᠭᠠᠯᠲᠠ ᠬᠢᠵᠦ ᠳᠠᠭᠤᠰᠬᠠᠬᠤ ᠮᠡᠳᠡᠭᠦᠯᠦᠯᠲᠡ᠂ | ᠰᠢᠢᠳᠬᠡᠯ ᠤᠨ ᠲᠣᠭᠲᠠᠭᠠᠯ ᠤᠨ ᠪᠢᠴᠢᠭ ᠵᠡᠷᠭᠡ ᠶᠢ ᠴᠥᠮ ᠶᠣᠰᠣ ᠬᠡᠯᠡᠬᠦ ᠮᠠᠶ᠋ᠢᠭ ᠤᠨ ᠱᠠᠭᠠᠷᠳᠠᠯᠭ᠎ᠠ ᠶᠣᠰᠣᠭᠠᠷ | ᠵᠢᠷᠤᠮᠵᠢᠭᠤᠯᠤᠨ ᠵᠣᠬᠢᠶᠠᠬᠤ ᠬᠡᠷᠡᠭᠲᠡᠶ᠃ ᠪᠦᠬᠦ ᠲᠠᠯ᠎ᠠ ᠶᠢᠨ᠂ ᠨᠠᠷᠢᠨ ᠨᠢᠭᠲᠠ᠂ ᠵᠢᠷᠤᠮᠵᠢᠭᠤᠨ ᠶᠣᠰᠣ ᠬᠡᠯᠡᠬᠦ | ᠮᠠᠶ᠋ᠢᠭ ᠤᠨ ᠬᠠᠤᠯᠢ ᠬᠡᠷᠡᠭᠵᠢᠭᠦᠯᠬᠦ ᠪᠢᠴᠢᠭ ᠬᠠᠷ᠎ᠠ ᠪᠠᠷ ᠶᠣᠰᠣ ᠬᠡᠯᠡᠬᠦ ᠮᠠᠶ᠋ᠢᠭ ᠤᠨ ᠬᠠᠤᠯᠢ ᠬᠡᠷᠡᠭᠵᠢᠭᠦᠯᠬᠦ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠳᠥᠷᠪᠡ᠂ ᠠᠵᠢᠯ ᠤᠨ ᠤᠶᠠᠯᠳᠤᠯ ᠢ ᠴᠢᠬᠤᠯᠠᠴᠢᠯᠠᠬᠤ ᠬᠡᠷᠡᠭᠲᠡᠶ᠃ ︽ᠶᠣᠰᠣ ᠬᠡᠯᠡᠬᠦ ᠮᠠᠶ᠋ᠢᠭ ᠤᠨ ᠠᠵᠢᠯ ᠤᠨ | ᠠᠷᠭ᠎ᠠ︾ ᠶᠢ ᠬᠡᠷᠡᠭᠵᠢᠭᠦᠯᠬᠦ ᠶᠢ ︽ᠬᠠᠤᠯᠢ ᠴᠠᠭᠠᠵᠠ ᠶᠢ ᠲᠦᠭᠡᠮᠡᠯᠵᠢᠭᠦᠯᠵᠦ ᠬᠠᠤᠯᠢ ᠬᠡᠷᠡᠭᠵᠢᠭᠦᠯᠬᠦ ᠠᠴᠠ ᠡᠮᠦᠨᠡᠬᠢ︾ | ᠠᠵᠢᠯᠯᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠠ ᠬᠡᠯᠪᠡᠷᠢ ᠪᠣᠯᠭᠠᠬᠤ ᠨᠢ᠂ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠬᠠᠯᠠᠭᠤᠨ ᠳᠤᠯᠠᠭᠠᠨ ᠢ ᠢᠯᠡᠷᠡᠭᠦᠯᠬᠦ᠂ ᠵᠥᠷᠢᠴᠡᠯ ᠮᠥᠷᠭᠦᠯᠳᠦᠭᠡᠨ ᠢ ᠰᠡᠷᠭᠡᠶᠢᠯᠡᠨ | ᠠᠷᠢᠯᠭᠠᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠪᠣᠳᠠᠲᠠᠶ ᠠᠵᠢᠯ ᠤᠨ ᠳᠤᠮᠳᠠ᠂ ᠶᠣᠰᠣ ᠬᠡᠯᠡᠬᠦ ᠶᠢ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ᠪᠥᠬᠦ ᠶᠠᠪᠤᠴᠠ ᠳᠤ ᠲᠣᠭᠤᠰᠢᠯᠠᠭᠤᠯᠵᠤ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ | ᠠᠮᠢᠳᠤᠯᠢᠭ ᠢᠶᠠᠷ ᠬᠡᠷᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ | ︽ᠵᠢᠯᠣᠭᠤᠳᠤᠮᠵᠢ︾ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠠᠬᠢᠭᠤᠯᠬᠤ ᠳᠤ᠂ ᠪᠢᠳᠡ ᠪᠠᠰᠠ ᠳᠣᠤᠷᠠᠬᠢ | ᠠᠵᠢᠯ ᠢ ᠥᠷᠨᠢᠭᠦᠯᠦᠨ᠎ᠡ᠄ | ᠨᠢᠭᠡ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠢ | ᠬᠥᠲᠥᠯᠥᠨ ᠵᠢᠯᠣᠭᠤᠳᠴᠤ ᠪᠠᠶᠢᠭᠠᠳ ᠬᠠᠤᠯᠢ ᠬᠡᠷᠡᠭᠵᠢᠭᠦᠯᠬᠦ ᠣᠨᠣᠯᠵᠢᠬᠤᠨ ᠢ ᠬᠤᠪᠢᠷᠠᠭᠤᠯᠤᠨ᠂ ᠶᠣᠰᠣ ᠬᠡᠯᠡᠬᠦ | ᠮᠠᠶ᠋ᠢᠭ ᠤᠨ ᠬᠠᠤᠯᠢ ᠬᠡᠷᠡᠭᠵᠢᠭᠦᠯᠬᠦ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠴᠢᠩᠭᠠᠷᠠᠭᠤᠯᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠢᠲᠡᠭᠡᠭᠦᠯᠬᠦ ᠬᠦᠴᠦᠨ ᠪᠠ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠬᠤᠶᠠᠷ᠂ ᠨᠡᠶᠢᠯᠡᠬᠦᠯᠦᠨ ᠠᠭᠤᠰᠤᠯᠴᠠᠬᠤ ᠶᠢ ᠴᠢᠬᠤᠯᠠᠴᠢᠯᠠᠨ᠎ᠠ᠃ ᠶᠣᠰᠣ ᠬᠡᠯᠡᠬᠦ ᠮᠠᠶ᠋ᠢᠭ ᠤᠨ ᠬᠠᠤᠯᠢ | ᠬᠡᠷᠡᠭᠵᠢᠭᠦᠯᠦᠯᠲᠡ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠲᠠᠢ | ᠤᠶᠠᠯᠳᠤᠭᠤᠯᠵᠤ᠂ ᠪᠦᠬᠦ ᠶᠠᠪᠤᠴᠠ ᠳᠤ ᠶᠣᠰᠣ ᠬᠡᠯᠡᠬᠦ ᠶᠢ ᠴᠢᠬᠤᠯᠠᠴᠢᠯᠠᠵᠤ᠂ ᠪᠢᠴᠢᠭ ᠬᠠᠷ᠎ᠠ ᠵᠣᠬᠢᠶᠠᠬᠤ ᠶᠢ | ᠵᠢᠷᠤᠮᠵᠢᠭᠤᠯᠵᠤ᠂ ᠶᠣᠰᠣ ᠬᠡᠯᠡᠬᠦ ᠮᠠᠶ᠋ᠢᠭ ᠤᠨ ᠬᠠᠤᠯᠢ ᠬᠡᠷᠡᠭᠵᠢᠭᠦᠯᠦᠯᠲᠡ ᠳᠤ ᠪᠠᠲᠤᠯᠠᠭ᠎ᠠ ᠬᠠᠩᠭᠠᠨ᠎ᠠ᠃ | ᠭᠤᠷᠪᠠ᠂ ᠳ᠋ᠦᠩᠨᠡᠨ ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ ᠶᠣᠰᠣ ᠬᠡᠯᠡᠬᠦ ᠮᠠᠶ᠋ᠢᠭ ᠤᠨ ᠬᠠᠤᠯᠢ | ᠬᠡᠷᠡᠭᠵᠢᠭᠦᠯᠬᠦ ᠠᠵᠢᠯ ᠤᠨ ᠲᠤᠷᠰᠢᠯᠭ᠎ᠠ ᠶᠢᠨ ᠳ᠋ᠦᠩᠨᠡᠯᠲᠡ ᠪᠠ ᠰᠣᠯᠢᠯᠴᠠᠭ᠎ᠠ ᠬᠢᠵᠦ ᠳᠡᠯᠭᠡᠷᠡᠭᠦᠯᠬᠦ ᠶᠢ ᠴᠢᠩᠭᠠᠳᠬᠠᠵᠤ᠂ | ᠨᠡᠪᠲᠡᠷᠡᠯᠴᠡᠬᠦ ᠤᠷ᠎ᠠ ᠮᠡᠷᠭᠡᠵᠢᠯ᠂ ᠰᠡᠳᠬᠢᠴᠡ ᠶᠢᠨ ᠮᠡᠳᠡᠯᠭᠡ ᠵᠡᠷᠭᠡ ᠶᠢ ᠬᠠᠤᠯᠢ ᠬᠡᠷᠡᠭᠵᠢᠭᠦᠯᠬᠦ ᠠᠵᠢᠯᠲᠠᠨ ᠤ | ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ |