ᠬᠠᠯᠠᠭᠤᠨ ᠳᠤᠯᠠᠭᠠᠨ ᠦᠶᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/1/3
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠴᠤᠩᠬᠤᠪᠴᠢ ᠨᠢ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠦᠷᠭᠡᠵᠦ ᠢᠷᠡᠭᠰᠡᠨ ᠬᠡᠮᠡᠷᠯᠢᠭ ᠲᠤᠭ ᠢ ᠲᠤᠰᠴᠤ ᠠᠪᠤᠪᠠ᠃ ᠡᠨᠡ ᠨᠢ ᠮᠥᠨ ᠴᠦ ᠲᠤᠰ ᠴᠤᠩᠬᠤᠪᠴᠢ ᠶᠢᠨ ᠨᠠᠷᠢᠯᠢᠭ ᠲᠤᠬᠠᠶᠢᠯᠠᠭᠰᠠᠨ ᠠᠵᠢᠯ ᠢᠶᠠᠷ ᠠᠵᠤ ᠠᠬᠤᠶᠢᠯᠠᠯ ᠳᠤ ᠦᠢᠯᠡᠴᠢᠯᠡᠭᠰᠡᠨ ᠤ ᠬᠤᠷᠢᠶᠠᠩᠭᠤᠢ ᠳᠦᠷᠰᠦ ᠪᠣᠯᠤᠨ᠎ᠠ᠃     01 ᠬᠡᠮᠡᠷᠯᠢᠭ ᠲᠤᠭ ᠤᠨ ᠠᠷᠤ ᠳᠠᠬᠢ ᠰᠡᠳᠬᠢᠯ ᠢ ᠳᠤᠯᠠᠭᠠᠴᠠᠭᠤᠯᠤᠭᠰᠠᠨ ᠦᠯᠢᠭᠡᠷ    ᠣᠷᠳᠣ ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠩᠬᠤᠪᠴᠢ ᠨᠢ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠠᠷᠪᠠ ᠭᠠᠷᠤᠶ ᠵᠦᠶᠯ ᠤᠨ ᠴᠠᠬᠢᠯᠭᠠᠨ ᠬᠦᠴᠦᠨ ᠤ ᠵᠠᠰᠠᠮᠠᠯ ᠵᠠᠮ ᠢ ᠨᠡᠪᠲᠡᠯᠬᠦ ᠠᠯᠤᠰᠯᠠᠬᠤ ᠲᠤᠬᠠᠶᠢᠯᠠᠭᠰᠠᠨ ᠠᠵᠢᠯ ᠳᠤ ᠨᠠᠷᠢᠨ ᠬᠢᠨᠠᠮᠠᠭᠠᠶ᠂ ᠪᠦᠷᠢᠨ ᠭᠦᠶᠴᠡᠳ᠂ ᠬᠠᠯᠠᠭᠤᠮᠰᠤᠭ ᠦᠶᠯᠡᠴᠢᠯᠡᠭᠡ ᠬᠠᠩᠭᠠᠵᠤ᠂ ᠴᠤᠩᠬᠤᠪᠴᠢ ᠶᠢᠨ ᠠᠵᠢᠯᠲᠠᠳ ᠨᠡᠪᠲᠡᠯᠬᠦ ᠠᠯᠤᠰᠯᠠᠬᠤ ᠵᠥᠪᠰᠢᠶᠡᠷᠡᠯ ᠢ ᠬᠠᠮᠤᠭ ᠤᠨ ᠲᠦᠷᠭᠡᠨ ᠴᠠᠭ ᠢᠶᠠᠷ ᠭᠦᠶᠴᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃     02 ᠠᠵᠤ ᠠᠬᠤᠶᠢᠯᠠᠯ ᠳᠤ ᠬᠦᠴᠦᠨ ᠨᠡᠮᠡᠷᠢᠯᠡᠬᠦ ᠳᠤ ᠴᠠᠭ ᠢ ᠠᠮᠵᠢᠨ ᠴᠢᠷᠮᠠᠶᠢᠪᠠ    ᠴᠤᠩᠬᠤᠪᠴᠢ ᠶᠢᠨ ᠠᠵᠢᠯᠲᠠᠳ ᠤᠨ ᠢᠯᠡᠷᠬᠡᠶᠢᠯᠡᠭᠰᠡᠨ ᠢᠶᠠᠷ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ᠂ ᠲᠦᠷᠭᠡᠨ᠂ ᠳᠤᠲᠠᠭᠤ ᠭᠦᠶᠦᠯᠭᠡᠬᠦ ᠶᠢᠨ ᠲᠥᠯᠥᠭᠡ᠂ ᠬᠤᠶᠢᠰᠢᠳᠠ ᠦᠷᠭᠦᠯᠵᠢᠯᠡᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠡᠬᠢᠯᠡᠯᠲᠡ ᠶᠢᠨ ᠴᠡᠭ ᠪᠠ ᠬᠦᠴᠦᠯᠡᠬᠦ ᠴᠡᠭ ᠪᠣᠯᠭᠠᠵᠤ᠂ ︽ᠳᠣᠲᠣᠭᠠᠳᠤ ᠳᠤ ᠪᠠᠨ ᠬᠡᠪ ᠴᠢᠨᠠᠷ ᠢᠶᠠᠨ ᠴᠢᠩᠭᠠᠳᠬᠠᠵᠤ᠂ ᠭᠠᠳᠠᠨ᠎ᠠ ᠪᠠᠨ ᠳᠦᠷᠢ ᠲᠥᠷᠬᠦ ᠪᠠᠨ ᠱᠤᠭᠤᠬᠤ︾ ᠶᠢ ᠴᠢᠬᠤᠯᠠᠴᠢᠯᠠᠨ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ ᠲᠠᠰᠤᠷᠠᠯᠲᠠ ᠥᠬᠡᠶ ᠳᠥᠭᠦᠮᠴᠢᠯᠡᠵᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ ᠶᠢ ᠢᠳᠡᠪᠬᠢᠲᠡᠶ ᠠᠬᠢᠭᠤᠯᠤᠨ᠎ᠠ ᠭᠡᠵᠡᠶ᠃     03 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠷᠢ ᠲᠥᠪᠰᠢᠨ ᠢᠶᠠᠨ ᠬᠦᠴᠦᠯᠡᠨ ᠳᠡᠭᠡᠭᠰᠢᠯᠡᠭᠦᠯᠵᠦ᠂ ᠲᠡᠭᠡᠭᠡᠪᠦᠷᠢ ᠡᠵᠡᠩᠨᠡᠬᠦ ᠠᠵᠤ ᠠᠬᠤᠶᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠲᠣᠮᠣ ᠵᠦᠢᠯ ᠤᠨ ᠲᠡᠭᠡᠭᠡᠪᠦᠷᠢ ᠶᠢᠨ ︽ᠨᠢᠭᠡ ᠶᠠᠪᠤᠳᠠᠯ︾ ᠤᠨ ᠰᠢᠰᠲ᠋ᠧᠮ ᠤᠨ ᠬᠤᠷᠠᠮᠠᠯ ᠢ ᠪᠡᠶᠡᠯᠡᠭᠦᠯᠵᠦ᠂ ᠭᠦᠶᠴᠡᠳᠬᠡᠬᠦ ᠴᠠᠭ ᠤᠨ ᠬᠢᠵᠠᠭᠠᠷ ᠢ ᠨᠡᠶᠢᠲᠡ 198 ᠠᠵᠢᠯᠯᠠᠬᠤ ᠡᠳᠦᠷ᠂ ᠴᠢᠬᠤᠯᠠ ᠮᠠᠲ᠋ᠧᠷᠢᠶᠠᠯ 25᠂ ᠭᠤᠭᠴᠤᠭ᠎ᠠ ᠶᠢ 20 ᠪᠠᠭᠠᠰᠬᠠᠪᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ︽ᠠᠶᠠᠯᠠᠯ ᠤᠨ ᠵᠠᠮ ᠤᠨ ᠠᠶᠠᠯᠠᠯ ᠨᠡᠪᠲᠡᠷᠡᠬᠦ ᠨᠥᠬᠦᠴᠡᠯ ᠤᠨ ᠨᠥᠯᠥᠭᠡᠯᠡᠯ ᠢ ᠦᠨᠡᠯᠡᠨ ᠬᠢᠨᠠᠵᠤ ᠬᠠᠷᠭᠤᠭᠤᠯᠬᠤ︾᠂ ︽ᠵᠠᠮ ᠬᠠᠮᠠᠭᠠᠯᠠᠬᠤ ᠣᠢ ᠮᠣᠳᠣ ᠶᠢ ᠣᠭᠲᠣᠯᠵᠤ ᠰᠢᠨᠡᠳᠭᠡᠬᠦ ᠶᠢ ᠬᠢᠨᠠᠨ ᠵᠥᠪᠰᠢᠶᠡᠷᠡᠬᠦ︾ ᠶᠢ ᠠᠶᠢᠮᠠᠭ ᠬᠤᠲᠠ ᠳᠤ ᠪᠠᠭᠤᠯᠭᠠᠨ᠂ 6 ᠵᠦᠶᠯ ᠤᠨ ᠠᠵᠢᠯ ᠶᠠᠪᠤᠳᠠᠯ ᠤᠨ 12 ᠴᠢᠬᠤᠯᠠ ᠨᠥᠬᠦᠴᠡᠯ ᠢ ᠴᠣᠮᠬᠠᠳᠬᠠᠵᠤ᠂ 7 ᠵᠦᠶᠯ ᠤᠨ ᠠᠵᠢᠯ ᠶᠠᠪᠤᠳᠠᠯ ᠤᠨ ᠭᠦᠶᠴᠡᠳᠬᠡᠬᠦ ᠴᠠᠭ ᠤᠨ ᠬᠢᠵᠠᠭᠠᠷ ᠢ 29 ᠠᠵᠢᠯᠯᠠᠬᠤ ᠡᠳᠦᠷ ᠪᠣᠭᠤᠨᠢᠰᠬᠠᠪᠠ᠃                                                  ᠡᠬᠡ ᠪᠢᠴᠢᠭ᠄ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号