ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠤᠬᠤ ᠲᠡᠷᠭᠡ᠄ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠠᠶᠠᠨᠴᠢᠳ ᠤᠨ ᠵᠥᠪᠰᠢᠶᠡᠷᠡᠯ ᠦᠭᠡᠢ ᠪᠠᠷ ᠪᠤᠰᠤᠳ ᠠᠶᠠᠨᠴᠢᠳ ᠢ ᠲᠡᠭᠡᠭᠡᠬᠦ ᠦᠢᠯᠡ ᠠᠵᠢᠯᠯᠠᠭ᠎ᠠ ᠳᠤ ᠶᠠᠮᠠᠷ ᠰᠢᠢᠳᠬᠡᠯ ᠥᠭᠬᠦ ᠪᠤᠢ︖
ᠨᠡᠶᠢᠲᠡᠯᠡᠭᠰᠡᠨ ᠴᠠᠭ᠄
2025/1/9
    ︽︿ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠯ︾      ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 15 ᠳ᠋ᠤᠭᠠᠷ ᠲᠣᠭᠠᠲᠤ︶ ᠤᠨ ᠳᠥᠴᠢᠳᠦᠭᠡᠷ ᠵᠦᠢᠯ ᠤᠨ ᠲᠣᠭᠲᠠᠭᠠᠯ ᠳᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠡᠵᠡᠩᠨᠡᠯᠲᠡ ᠶᠢᠨ ᠶᠠᠪᠤᠴᠠ ᠳᠤ᠂ ᠤᠯᠤᠰ ᠤᠨ ᠵᠢᠯᠣᠭᠤᠴᠢ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠦᠢᠯᠡᠴᠢᠯᠡᠭᠡᠨ ᠤ ᠵᠢᠷᠤᠮᠵᠢᠯ᠂ ᠠᠮᠤᠷ ᠲᠦᠪᠰᠢᠨ ᠢᠶᠠᠷ ᠡᠵᠡᠩᠨᠡᠬᠦ ᠵᠡᠷᠭᠡ ᠲᠠᠯ᠎ᠠ ᠶᠢᠨ ᠬᠢᠷᠢ ᠬᠡᠮ ᠤᠨ ᠲᠣᠭᠲᠠᠭᠠᠯ ᠢ ᠵᠢᠷᠤᠮᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠬᠤ᠂ ᠴᠢᠨᠠᠷ ᠰᠠᠶᠢᠲᠠᠶ ᠦᠢᠯᠡᠴᠢᠯᠡᠬᠦ ᠬᠡᠷᠡᠭᠲᠡᠶ ᠭᠡᠵᠦ ᠲᠣᠭᠲᠠᠭᠠᠪᠠ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠣᠤᠷᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠶ᠄ ᠁ ︵ᠳᠥᠷᠪᠡ︶ ᠠᠶᠠᠨᠴᠢᠳ ᠤᠨ ᠵᠥᠪᠰᠢᠶᠡᠷᠡᠯ ᠦᠭᠡᠢ ᠪᠠᠷ ᠪᠤᠰᠤᠳ ᠠᠶᠠᠨᠴᠢᠳ ᠢ ᠲᠡᠭᠡᠭᠡᠭᠰᠡᠨ︔ ᠁ ᠳᠥᠴᠢᠨ ᠬᠤᠶᠠᠳᠤᠭᠠᠷ ᠵᠦᠢᠯ ᠤᠨ ᠲᠣᠭᠲᠠᠭᠠᠯ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠠᠷᠪᠠᠨ ᠵᠢᠷᠭᠤᠳᠤᠭᠠᠷ ᠵᠦᠢᠯ᠂ ᠳᠥᠴᠢᠳᠦᠭᠡᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号