ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠣᠬᠤ ᠲᠡᠷᠭᠡ᠄ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠠᠶᠠᠨᠴᠢᠳ ᠠᠴᠠ ᠠᠭᠠᠷ ᠲᠣᠬᠢᠷᠠᠭᠤᠯᠤᠭᠤᠷ ᠤᠨ ᠰᠦᠢᠳᠭᠡᠯ ᠬᠤᠷᠢᠶᠠᠬᠤ ᠠᠵᠢᠯᠯᠠᠭ᠎ᠠ ᠨᠢ ᠵᠦᠢ ᠵᠣᠬᠢᠰᠲᠠᠢ ᠤᠤ︖
ᠨᠡᠶᠢᠲᠡᠯᠡᠭᠰᠡᠨ ᠴᠠᠭ᠄
2025/2/10
    ︽ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 16 ᠳ᠋ᠤᠭᠠᠷ ᠲᠣᠭᠠᠲᠤ︶ ᠤᠨ ᠬᠤᠷᠢᠨ ᠬᠤᠶᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠨᠢ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠠᠶᠠᠨᠴᠢᠳ ᠤᠨ ᠬᠦᠰᠡᠯ ᠰᠠᠨᠠᠭ᠎ᠠ ᠶᠢ ᠦᠨᠳᠦᠰᠦᠯᠡᠨ ᠲᠡᠷᠭᠡᠨ ᠴᠣᠩᠬᠤ ᠶᠢᠨ ᠰᠢᠯ ᠵᠢᠴᠢ ᠠᠭᠠᠷ ᠲᠣᠬᠢᠷᠠᠭᠤᠯᠤᠭᠤᠷ᠂ ᠬᠦᠩᠬᠢᠨᠡᠭᠦᠷ᠂ ᠸᠢᠳᠢᠣ᠋ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠬᠡᠷᠡᠭᠯᠡᠬᠦ ᠬᠡᠷᠡᠭᠲᠡᠶ᠃ ᠳᠥᠴᠢᠨ  ᠨᠠᠢᠮᠠᠳᠤᠭᠠᠷ ᠵᠦᠢᠯ ᠤᠨ ᠳᠥᠷᠪᠡᠳᠦᠭᠡᠷ ᠵᠤᠷᠪᠤᠰ ᠲᠤ ᠲᠣᠭᠲᠠᠭᠠᠭᠰᠠᠨ ᠨᠢ᠂ ᠲᠣᠭᠲᠠᠭᠠᠯ ᠶᠣᠰᠣᠭᠠᠷ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠬᠠᠮᠢᠶ᠎ᠠ ᠪᠦᠬᠦᠢ ᠲᠥᠬᠦᠭᠡᠷᠦᠮᠵᠢ ᠶᠢ ᠬᠡᠷᠡᠭᠯᠡᠭᠰᠡᠨ ᠦᠭᠡᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号