ᠠᠶᠠᠨᠴᠢᠳ ᠤᠨ ᠵᠥᠭᠡᠭᠡᠪᠦᠷᠢ ᠶᠢᠨ ᠬᠠᠮᠢᠶᠠᠷᠤᠯᠲᠠ᠄ ᠥᠷᠲᠡᠭᠡ ᠠᠴᠠ ᠭᠠᠷᠬᠤ ᠠᠶᠠᠨᠴᠢᠳ ᠤᠨ ᠮᠠᠰᠢᠨ ᠲᠡᠷᠭᠡ ᠶᠢᠨ ᠡᠭᠡᠯᠵᠢ ᠮᠡᠳᠡᠭᠦᠯᠬᠦ ᠭᠠᠷ ᠭᠦᠶᠴᠡᠳᠬᠡᠯ ᠤᠨ ᠪᠠᠶᠢᠴᠠᠭᠠᠯᠲᠠ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖
ᠨᠡᠶᠢᠲᠡᠯᠡᠭᠰᠡᠨ ᠴᠠᠭ᠄
2025/2/10
   ︽ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠠᠶᠦᠯᠭᠦᠢ ᠦᠶᠯᠡᠳᠪᠦᠷᠢᠯᠡᠯ ᠤᠨ ᠵᠢᠷᠤᠮᠵᠢᠯ︾  ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠭᠠᠯ ﹇2019﹈ 13 ᠳ᠋ᠤᠭᠠᠷ ᠲᠣᠭᠠᠲᠤ︶ ᠤᠨ ᠬᠤᠷᠢ ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ  ᠶᠢᠨ ᠥᠷᠲᠡᠭᠡ ᠶᠢᠨ ᠡᠵᠡᠩᠨᠡᠭᠴᠢ ᠥᠷᠲᠡᠭᠡ ᠠᠴᠠ ᠭᠠᠷᠬᠤ ᠪᠠᠶᠢᠴᠠᠭᠠᠯᠲᠠ ᠶᠢᠨ ᠲᠦᠷᠢᠮ ᠲᠣᠭᠲᠠᠭᠠᠵᠤ᠂ ᠥᠷᠲᠡᠭᠡ  ᠠᠴᠠ ᠭᠠᠷᠬᠤ ᠪᠠᠶᠢᠴᠠᠭᠠᠯᠲᠠ ᠶᠢᠨ ᠠᠵᠢᠯᠲᠠᠨ ᠲᠣᠬᠢᠷᠠᠭᠤᠯᠤᠨ᠂ ᠥᠷᠲᠡᠭᠡ ᠠᠴᠠ ᠭᠠᠷᠬᠤ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠠ ᠵᠢᠯᠣᠭᠤᠴᠢ ᠶᠢᠨ ᠬᠠᠮᠢᠶ᠎ᠠ ᠪᠥᠬᠦᠶ ᠪᠠᠶᠢᠳᠠᠯ ᠢ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠥᠬᠡᠶ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠠ ᠵᠢᠯᠣᠭᠤᠴᠢ ᠶᠢᠨ ᠥᠷᠲᠡᠭᠡ ᠠᠴᠠ ᠭᠠᠷᠴᠤ ᠡᠵᠡᠩᠨᠡᠬᠦ ᠶᠢ ᠴᠢᠩᠭ᠎ᠠ ᠴᠠᠭᠠᠵᠠᠯᠠᠨ᠎ᠠ᠃ ᠥᠷᠲᠡᠭᠡ ᠠᠴᠠ ᠭᠠᠷᠬᠤ ᠪᠠᠶᠢᠴᠠᠭᠠᠯᠲᠠ ᠳᠤ ᠭᠤᠤᠯᠳᠠᠭᠤ ᠳᠣᠤᠷᠠᠬᠢ ᠠᠭᠤᠯᠭ᠎ᠠ ᠪᠠᠭᠲᠠᠨ᠎ᠠ᠄ ︵ᠨᠢᠭᠡ︶ ᠥᠷᠲᠡᠭᠡ ᠠᠴᠠ ᠭᠠᠷᠬᠤ ᠠᠶᠠᠨᠴᠢᠳ ᠤᠨ ᠮᠠᠰᠢᠨ ᠲᠡᠷᠭᠡ ᠶᠢᠨ ᠡᠭᠡᠯᠵᠢ ᠮᠡᠳᠡᠭᠦᠯᠬᠦ ᠭᠠᠷ ᠭᠦᠶᠴᠡᠳᠬᠡᠯ ᠪᠦᠷᠢᠨ ᠭᠦᠶᠴᠡᠳ ᠪᠠᠶᠢᠬᠤ ᠡᠰᠡᠬᠦ ᠶᠢ ᠪᠠᠶᠢᠴᠠᠭᠠᠵᠤ᠂ ᠡᠵᠡᠩᠨᠡᠯᠲᠡ ᠶᠢᠨ ᠠᠶᠠᠨᠴᠢᠳ  ᠤᠨ  ᠮᠠᠰᠢᠨ ᠲᠡᠷᠭᠡ ᠶᠢᠨ ᠥᠷᠲᠡᠭᠡ ᠠᠴᠠ ᠭᠠᠷᠬᠤ ᠠᠴᠠ ᠡᠮᠦᠨᠡᠬᠢ ᠮᠠᠰᠢᠨ ᠲᠡᠷᠭᠡ ᠶᠢᠨ ᠲᠡᠷᠭᠡ ᠶᠠᠪᠤᠭᠤᠯᠬᠤ ᠦᠨᠡᠮᠯᠡᠯ᠂  ᠵᠠᠮ ᠲᠡᠭᠡᠭᠡᠪᠦᠷᠢ ᠶᠢᠨ ᠦᠨᠡᠮᠯᠡᠯ᠂ ᠠᠶᠠᠨᠴᠢᠳ ᠤᠨ ᠵᠥᠭᠡᠭᠡᠪᠦᠷᠢ ᠶᠢᠨ ᠲᠡᠮᠳᠡᠭ ᠤᠨ ᠫᠠᠶᠢᠰᠠ           ︽  ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ ᠠᠶᠦᠯᠭᠦᠢ ᠶᠢᠨ ᠵᠤᠷᠰᠢᠯ ᠪᠠᠶᠢᠴᠠᠭᠠᠯᠲᠠ ᠶᠢᠨ ᠬᠢᠷᠢ ᠲᠡᠩᠴᠡᠭᠰᠡᠨ ᠮᠡᠳᠡᠭᠳᠡᠯ ᠤᠨ ᠬᠠᠭᠤᠳᠠᠰᠤ︾ ᠵᠡᠷᠭᠡ ᠬᠠᠭᠤᠳᠠᠰᠤ ᠦᠨᠡᠮᠯᠡᠯ ᠨᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠠᠴᠠ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠡᠰᠡᠬᠦ ᠶᠢ ᠪᠠᠲᠤᠯᠠᠨ᠎ᠠ᠃ ︵ᠬᠤᠶᠠᠷ︶ ᠡᠭᠡᠯᠵᠢ ᠪᠦᠷᠢ  ᠶᠢᠨ ᠵᠢᠯᠣᠭᠤᠴᠢ ᠶᠢᠨ ᠭᠠᠷᠳᠠᠵᠤ ᠪᠠᠶᠢᠭ᠎ᠠ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ᠂ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠢᠨᠠᠨ ᠰᠢᠯᠭᠠᠵᠤ᠂ ᠪᠠᠶᠢᠴᠠᠭᠠᠯᠲᠠ ᠬᠥᠯᠢᠶᠡᠭᠰᠡᠨ ᠵᠢᠯᠣᠭᠤᠴᠢ ᠬᠢᠭᠡᠳ ᠡᠭᠡᠯᠵᠢ ᠮᠡᠳᠡᠭᠦᠯᠦᠭᠰᠡᠨ ᠵᠢᠯᠣᠭᠤᠴᠢ ᠶᠢᠨ ᠨᠢᠭᠡᠳᠦᠯᠲᠡᠶ ᠪᠠᠶᠢᠬᠤ ᠶᠢ ᠪᠠᠲᠤᠯᠠᠨ᠎ᠠ᠃ ︵ᠭᠤᠷᠪᠠ︶ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠠᠶᠠᠨᠴᠢᠳ ᠤᠨ ᠲᠤᠭ᠎ᠠ ᠶᠢ ᠲᠣᠭᠠᠯᠠᠨ ᠪᠦᠷᠢᠳᠬᠡᠵᠦ᠂ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠰᠠᠭᠤᠳᠠᠯ ᠤᠨ ᠲᠤᠭ᠎ᠠ ᠠᠴᠠ ᠬᠡᠲᠦᠷᠡᠵᠦ ᠥᠷᠲᠡᠭᠡ ᠠᠴᠠ ᠭᠠᠷᠬᠤ ᠶᠢ ᠪᠠᠲᠤᠯᠠᠨ᠎ᠠ᠃ ᠬᠡᠷᠪᠡ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠰᠠᠭᠤᠳᠠᠯ ᠤᠨ ᠲᠤᠭ᠎ᠠ ᠠᠴᠠ ᠬᠡᠲᠦᠷᠡᠭᠰᠡᠨ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤ ᠨᠢ ᠬᠤᠷᠢᠭᠯᠠᠨ ᠵᠣᠭᠰᠣᠭᠠᠬᠤ ᠶᠢᠨ ᠬᠠᠮᠲᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠠᠶᠠᠨᠴᠢᠳ ᠢ ᠪᠤᠰᠤᠳ ᠲᠡᠷᠭᠡᠨ ᠳᠤ ᠰᠠᠭᠤᠯᠭᠠᠨ᠎ᠠ᠃ ︵ᠳᠥᠷᠪᠡ︶ ᠠᠶᠠᠨᠴᠢᠳ ᠤᠨ ᠠᠶᠦᠯᠭᠦᠢ ᠶᠢᠨ ᠪᠦᠰᠡ ᠪᠠᠨ ᠪᠦᠰᠡᠯᠡᠭᠰᠡᠨ ᠪᠠᠶᠢᠳᠠᠯ ᠢ ᠪᠠᠶᠢᠴᠠᠭᠠᠵᠤ᠂ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠶᠢᠨ ᠥᠷᠲᠡᠭᠡᠨ ᠠᠴᠠ ᠭᠠᠷᠬᠤ ᠦᠶᠡᠰ ᠪᠦᠬᠦ ᠠᠶᠠᠨᠴᠢᠳ ᠠᠶᠦᠯᠭᠦᠢ ᠶᠢᠨ ᠪᠦᠰᠡ  ᠪᠠᠨ ᠪᠦᠰᠡᠯᠡᠭᠰᠡᠨ ᠪᠠᠶᠢᠬᠤ ᠶᠢ ᠪᠠᠲᠤᠯᠠᠨ᠎ᠠ᠃ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ ᠠᠴᠠ ᠡᠭᠡᠯᠵᠢ ᠮᠡᠳᠡᠭᠦᠯᠵᠦ ᠥᠷᠲᠡᠭᠡ ᠠᠴᠠ ᠭᠠᠷᠬᠤ ᠭᠤᠭᠴᠤᠭ᠎ᠠ ᠳᠤ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠬᠡᠷᠡᠭᠯᠡᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠠ ᠵᠢᠯᠣᠭᠤᠴᠢ ᠶᠢᠨ ᠬᠤᠯᠪᠣᠭᠳᠠᠯ ᠪᠥᠬᠦᠶ ᠬᠠᠭᠤᠳᠠᠰᠤ ᠦᠨᠡᠮᠯᠡᠯ ᠤᠨ ᠨᠢᠭᠡᠳᠦᠯᠲᠡᠶ ᠪᠠᠶᠢᠬᠤ ᠶᠢ ᠪᠠᠶᠢᠴᠠᠭᠠᠨ ᠦᠷᠨᠢᠭᠦᠯᠬᠦ ᠶᠢ ᠵᠣᠷᠢᠭᠵᠢᠭᠤᠯᠵᠤ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠷᠲᠡᠭᠡ ᠠᠴᠠ ᠭᠠᠷᠬᠤ ᠪᠠᠶᠢᠴᠠᠭᠠᠯᠲᠠ ᠳᠤ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡ ᠪᠣᠯᠤᠨ ᠵᠢᠯᠣᠭᠤᠴᠢ ᠶᠢ ᠮᠠᠰᠢᠨ ᠲᠡᠷᠭᠡᠨ ᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠠᠴᠠ ᠭᠠᠷᠬᠤ ᠶᠢ ᠪᠠᠶᠢᠴᠠᠭᠠᠬᠤ ᠠᠵᠢᠯᠲᠠᠨ ︽ᠥᠷᠲᠡᠭᠡ  ᠠᠴᠠ ᠭᠠᠷᠬᠤ ᠳᠠᠩᠰᠠᠯᠠᠯ ᠤᠨ ᠬᠦᠰᠦᠨᠦᠭᠲᠦ︾ ( ᠶᠠᠩᠵᠤ ᠶᠢ ᠳᠠᠭᠠᠯᠳᠤᠭᠤᠯᠤᠯ 4 ᠶᠢ ᠦᠵᠡ ) ᠳᠡᠭᠡᠷ᠎ᠡ ᠲᠡᠮᠳᠡᠭᠯᠡᠬᠦ ᠶᠢᠨ ᠬᠠᠮᠲᠤ ᠪᠠᠶᠢᠴᠠᠭᠠᠯᠲᠠ ᠶᠢ ᠬᠦᠯᠢᠶᠡᠭᠰᠡᠨ ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠶ᠃ ︽ᠥᠷᠲᠡᠭᠡ ᠠᠴᠠ ᠭᠠᠷᠬᠤ ᠳᠠᠩᠰᠠᠯᠠᠯ ᠤᠨ ᠬᠦᠰᠦᠨᠦᠭᠲᠦ︾ ᠶᠢᠨ ᠬᠠᠳᠠᠭᠠᠯᠠᠬᠤ ᠬᠤᠭᠤᠴᠠᠭ᠎ᠠ ᠶᠢ 3 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号