ᠠᠷᠠᠳ ᠤᠨ ᠡᠳᠦᠷ ᠤᠨ ᠰᠣᠨᠢᠨ᠄ ᠰᠢᠭᠤᠳ ᠨᠡᠪᠲᠡᠷᠡᠬᠦ ᠳᠡᠭᠡᠳᠦ ᠬᠤᠷᠳᠤ ᠶᠢᠨ ᠲᠡᠮᠦᠷ ᠵᠠᠮ ᠲᠠᠢ ᠪᠣᠯᠤᠭᠰᠠᠨ ᠠᠴᠠ ᠬᠡᠷ ᠲᠤ ᠪᠠᠨ ᠢᠯᠡᠭᠦᠦ ᠬᠤᠶᠠᠷ ᠡᠳᠦᠷ ᠰᠠᠭᠤᠬᠤ ᠪᠣᠯᠪᠠ
ᠨᠡᠶᠢᠲᠡᠯᠡᠭᠰᠡᠨ ᠴᠠᠭ᠄
2025/2/11
    2025 ᠣᠨ ᠤ 2 ᠳ᠋ᠤᠭᠠᠷ ᠰᠠᠷ᠎ᠠ ᠶᠢᠨ 10 ᠤ ᠡᠳᠦᠷ᠂ ᠠᠷᠠᠳ ᠤᠨ ᠡᠳᠦᠷ ᠤᠨ ᠰᠣᠨᠢᠨ ᠤ 14 ᠳ᠋ᠦ᠋ᠭᠡᠷ ᠨᠢᠭᠤᠷ ᠤᠨ ︽2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠨᠢᠭᠡᠳᠦᠭᠡᠷ ᠹᠷᠣᠨᠲ︾ ᠪᠤᠯᠤᠩ ᠳᠤ       ︽ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠡᠭᠡᠳᠦ ᠬᠤᠷᠳᠤ ᠶᠢᠨ ᠲᠡᠮᠦᠷ ᠵᠠᠮ ᠤᠨ ᠲᠣᠤᠷ ᠲᠤ ᠵᠠᠯᠭᠠᠨ ᠣᠷᠣᠭᠤᠯᠵᠤ᠂ ᠣᠯᠠᠨ ᠡᠭᠡᠯᠵᠢ ᠶᠢᠨ ᠬᠤᠯᠠ ᠵᠠᠮ ᠤᠨ ᠭᠠᠯᠲᠤ ᠲᠡᠷᠭᠡ ᠭᠦᠶᠦᠯᠭᠡᠭᠰᠡᠨ ᠠᠴᠠ      ︿ᠰᠢᠭᠤᠳ ᠨᠡᠪᠲᠡᠷᠡᠬᠦ ᠳᠡᠭᠡᠳᠦ ᠬᠤᠷᠳᠤ ᠶᠢᠨ ᠲᠡᠮᠦᠷ ᠵᠠᠮ ᠲᠠᠢ ᠪᠣᠯᠣᠭᠰᠠᠨ ᠠᠴᠠ ᠬᠡᠷ ᠲᠤ ᠪᠠᠨ ᠢᠯᠡᠭᠦᠦ ᠬᠤᠶᠠᠷ ᠡᠳᠦᠷ ᠰᠠᠭᠤᠬᠤ ᠪᠣᠯᠪᠠ﹀︾  ᠭᠡᠬᠦ ᠠᠭᠤᠯᠭ᠎ᠠ ᠶᠢ ᠮᠡᠳᠡᠭᠡᠯᠡᠪᠡ᠂ ᠪᠥᠬᠦ ᠠᠭᠤᠯᠭ᠎ᠠ ᠨᠢ ᠳᠣᠤᠷᠠᠬᠢ ᠮᠡᠲᠦ᠄
0211-1.jpg
    ︽ᠥᠩᠭᠡᠷᠡᠭᠰᠡᠨ ᠳᠤ᠂ ᠬᠥᠬᠡᠬᠤᠲᠠ ᠠᠴᠠ ᠴᠦᠩᠴᠢᠩ ᠬᠦᠷᠬᠦ ᠳᠤ ᠡᠩ ᠤᠨ ᠬᠤᠷᠳᠤ ᠶᠢᠨ ᠭᠠᠯᠲᠤ ᠲᠡᠷᠭᠡᠨ  ᠳᠤ ᠰᠠᠭᠤᠪᠠᠯ 30 ᠴᠠᠭ ᠰᠢᠬᠠᠮ ᠬᠡᠷᠡᠭᠰᠡᠨ᠎ᠡ᠂ ᠨᠢᠳᠤᠨᠤᠨ ᠤ ᠵᠢᠯ ᠤᠨ ᠡᠴᠦᠰ ᠲᠤ ᠵᠢᠨᠢᠩ - ᠳ᠋ᠠᠲ᠋ᠦ᠋ᠩ - ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠨᠡᠪᠲᠡᠷᠡᠭᠰᠡᠨ ᠤ ᠳᠠᠷᠠᠭ᠎ᠠ᠂ ᠪᠢ ᠳᠡᠭᠡᠳᠦ ᠬᠤᠷᠳᠤ ᠶᠢᠨ ᠲᠡᠮᠦᠷ ᠵᠠᠮ ᠳᠤ ᠰᠠᠭᠤᠵᠤ ᠴᠦᠩᠴᠢᠩ ᠳᠤ ᠰᠢᠭᠤᠳ ᠬᠦᠷᠬᠦ ᠪᠥᠭᠡᠳ ᠵᠠᠷᠤᠴᠠᠭᠤᠯᠬᠤ ᠴᠠᠭ ᠢ ᠬᠠᠭᠠᠰ ᠢᠶᠠᠷ ᠠᠷᠪᠢᠯᠠᠵᠠᠢ᠃︾ ᠭᠡᠵᠦ 2 ᠳ᠋ᠤᠭᠠᠷ ᠰᠠᠷ᠎ᠠ ᠶᠢᠨ 6 ᠤ ᠦᠳᠡ ᠶᠢᠨ ᠡᠮᠦᠨ᠎ᠡ᠂ ᠬᠥᠬᠡᠬᠤᠲᠠ ᠶᠢᠨ ᠵᠡᠭᠦᠨ ᠥᠷᠲᠡᠭᠡᠨ  ᠳᠤ᠂ G3780 ᠤᠳᠠᠭ᠎ᠠ ᠶᠢᠨ ᠭᠠᠯᠲᠤ ᠲᠡᠷᠭᠡᠨ ᠳᠤ ᠰᠠᠭᠤᠵᠤ ᠠᠵᠢᠯ ᠤᠨ ᠪᠠᠶᠢᠷᠢ ᠳᠤ ᠪᠠᠨ ᠪᠤᠴᠠᠬᠤ ᠪᠠᠷ ᠪᠡᠯᠡᠳᠬᠡᠵᠦ ᠪᠠᠶᠢᠭ᠎ᠠ ᠠᠶᠠᠨᠴᠢᠨ ᠸᠠᠩ ᠸᠧᠢ ᠬᠡᠯᠡᠪᠡ᠃      ᠥᠪᠥᠷ ᠮᠣᠩᠭᠤᠯ ᠤᠨ ᠬᠥᠬᠡᠬᠤᠲᠠ ᠳᠤ ᠨᠣᠲᠤᠭ ᠲᠠᠢ᠂ ᠴᠦᠩᠴᠢᠩ ᠳᠤ ᠠᠵᠢᠯᠯᠠᠵᠤ ᠪᠠᠶᠢᠭ᠎ᠠ ᠸᠠᠩ ᠸᠧᠢ  ᠳᠤ ᠠᠪᠴᠤ ᠬᠡᠯᠡᠪᠡᠯ᠂ ᠥᠩᠭᠡᠷᠡᠭᠰᠡᠨ ᠳᠤ ᠬᠤᠶᠠᠷ ᠭᠠᠵᠠᠷ ᠤᠨ ᠬᠤᠭᠤᠷᠤᠨᠲᠤ ᠨᠠᠭᠠᠰᠢ ᠴᠠᠭᠠᠰᠢ ᠶᠠᠪᠤᠬᠤ ᠳᠤ ᠤᠷᠳᠤ ᠴᠠᠭ ᠢᠶᠠᠷ ᠲᠡᠷᠭᠡᠨ ᠳᠤ ᠰᠠᠭᠤᠬᠤ ᠣᠶᠢᠯᠠᠭᠠᠯᠲᠠ ᠨᠢ ᠤᠳᠠᠭ᠎ᠠ ᠪᠦᠷᠢ ᠪᠠᠭ᠎ᠠ ᠪᠤᠰᠤ ᠬᠦᠴᠢᠷᠳᠡᠯ ᠢ ᠠᠪᠴᠢᠷᠠᠭᠰᠠᠨ ᠪᠠᠶᠢᠳᠠᠭ᠃      ︽ᠰᠢᠭᠤᠳ ᠨᠡᠪᠲᠡᠷᠡᠬᠦ ᠳᠡᠭᠡᠳᠦ ᠬᠤᠷᠳᠤ ᠶᠢᠨ ᠲᠡᠮᠦᠷ ᠵᠠᠮ ᠲᠠᠢ ᠪᠣᠯᠤᠭᠰᠠᠨ ᠠᠴᠠ ᠬᠡᠷ ᠲᠤ ᠪᠠᠨ ᠢᠯᠡᠭᠦᠦ ᠬᠤᠶᠠᠷ ᠡᠳᠦᠷ ᠰᠠᠭᠤᠬᠤ ᠪᠣᠯᠪᠠ᠃︾ ᠭᠡᠵᠦ ᠸᠠᠩ ᠸᠧᠶ ᠢᠨᠢᠶᠡᠮᠰᠦᠭᠯᠡᠯ ᠲᠠᠢ ᠢᠯᠡᠳᠬᠡᠪᠡ᠃       ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠳᠤ᠂ ᠬᠥᠬᠡᠬᠤᠲᠠ᠂ ᠪᠤᠭᠤᠲᠤ ᠠᠴᠠ ᠲᠠᠶᠢᠶᠤᠸᠠᠨ᠂ ᠱᠠᠩᠬᠠᠶ᠂ ᠬᠠᠩᠵᠧᠦ᠂ ᠴᠧᠩᠳᠦ᠋᠂ ᠴᠦᠩᠴᠢᠩ᠂ ᠯᠠᠨᠵᠧᠦ ᠵᠡᠷᠭᠡ ᠬᠤᠲᠠ ᠳᠤ ᠬᠥᠷᠬᠦ ᠰᠢᠭᠤᠳ ᠨᠡᠪᠲᠡᠷᠡᠬᠦ ᠬᠤᠯᠠ ᠵᠠᠮ ᠤᠨ ᠳᠡᠭᠡᠳᠤ ᠬᠤᠷᠳᠤ ᠶᠢᠨ ᠲᠡᠮᠦᠷ ᠵᠠᠮ ᠪᠠ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠤᠷᠢᠳ ᠬᠤᠵᠢᠳ ᠭᠦᠶᠦᠯᠭᠡᠵᠦ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠠᠴᠠ ᠤᠮᠠᠷᠠᠲᠤ ᠣᠷᠣᠨ᠂ ᠳᠣᠷᠣᠨᠠᠲᠤ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠤᠶᠢᠲᠤ ᠣᠷᠣᠨ ᠬᠥᠷᠬᠦ ᠲᠡᠮᠦᠷ ᠵᠠᠮ ᠤᠨ ᠠᠶᠠᠯᠠᠬᠤ ᠴᠠᠭ ᠢ ᠡᠮᠦᠨᠡᠬᠢ  ᠠᠴᠠ ᠪᠠᠨ ᠬᠠᠭᠠᠰ ᠰᠢᠬᠠᠮ ᠪᠣᠭᠤᠨᠢᠰᠬᠠᠪᠠ᠃      G3780 ᠡᠭᠡᠯᠵᠢ ᠶᠢᠨ ᠭᠠᠯᠲᠤ ᠲᠡᠷᠭᠡᠨ ᠳᠡᠭᠡᠷ᠎ᠡ᠂ ᠴᠡᠪᠡᠷ ᠭᠡᠭᠡᠨ ᠸᠠᠭᠤᠨ ᠳᠣᠲᠣᠷ᠎ᠠ᠂ ᠰᠠᠭᠤᠳᠠᠯ ᠤᠨ ᠣᠷᠣᠨ ᠵᠠᠶ ᠨᠢ ᠠᠭᠤᠵᠢᠭᠤ᠂ ᠰᠠᠭᠤᠳᠠᠯ ᠨᠢ ᠴᠡᠪᠡᠷ ᠴᠡᠮᠴᠡᠭᠡᠷ ᠵᠥᠭᠡᠯᠡᠨ᠂ ᠭᠦᠶᠴᠡᠳ ᠴᠠᠬᠢᠯᠭᠠᠨ ᠴᠡᠨᠡᠭᠯᠡᠬᠦ ᠬᠡᠷᠡᠭᠰᠡᠯ ᠲᠠᠢ ᠪᠣᠯᠣᠭᠰᠠᠨ ᠨᠢ ᠬᠤᠯᠠ ᠵᠠᠮ ᠤᠨ ᠠᠶᠠᠨᠴᠢᠳ ᠤᠨ ᠭᠠᠷ ᠤᠲᠠᠰᠤ ᠴᠠᠬᠢᠯᠭᠠᠨ ᠥᠬᠡᠶ ᠪᠣᠯᠬᠤ ᠠᠴᠠ ᠰᠠᠨᠠᠭᠠᠰᠢᠷᠠᠬᠤ ᠥᠬᠡᠶ ᠪᠣᠯᠭᠠᠵᠠᠶ᠃      ᠠᠶᠠᠨᠴᠢᠳ ᠤᠨ ᠴᠤᠪᠤᠷᠠᠯ ᠤᠨ ᠣᠷᠭᠢᠯ ᠤᠨ ᠦᠶ᠎ᠡ ᠶᠢᠨ ᠬᠠᠯᠠᠮᠰᠢᠯ ᠵᠠᠮ ᠱᠤᠭᠤᠮ ᠪᠣᠯᠤᠭᠰᠠᠨ ᠤ ᠬᠤᠪᠢ ᠳᠤ᠂ ᠴᠦᠩᠴᠢᠩ ᠵᠦᠭ ᠶᠠᠪᠤᠬᠤ G3780 ᠡᠭᠡᠯᠵᠢ ᠶᠢᠨ ᠭᠠᠯᠲᠤ ᠲᠡᠷᠭᠡᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠡᠭᠡᠯᠵᠢ ᠪᠣᠯᠭᠠᠨ ᠲᠦᠭᠦᠷᠡᠩ ᠬᠥᠮᠥᠨ ᠲᠠᠢ ᠪᠠᠶᠢᠵᠤ᠂ ᠲᠣᠭᠲᠠᠭᠰᠠᠨ 576 ᠬᠥᠮᠥᠨ ᠲᠠᠢ ᠭᠠᠯᠲᠤ ᠲᠡᠷᠭᠡᠨ ᠤ ᠵᠠᠮ ᠳᠤᠮᠳᠠᠬᠢ ᠬᠡᠰᠡᠭ ᠤᠨ ᠰᠠᠭᠤᠳᠠᠯ ᠤᠨ ᠵᠥᠭᠡᠭᠡᠪᠦᠷᠢᠯᠡᠭᠰᠡᠨ ᠠᠶᠠᠨᠴᠢᠳ ᠤᠨ ᠲᠤᠭ᠎ᠠ ᠨᠡᠶᠢᠲᠡ 3000 ᠭᠠᠷᠤᠶ ᠬᠥᠮᠦᠨ ᠤᠳᠠᠭ᠎ᠠ ᠶᠢ ᠳᠠᠪᠠᠵᠠᠢ᠃ ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠤᠴᠠᠬᠤ ᠵᠠᠮ ᠤᠨ ᠬᠤᠭᠤᠴᠠᠭᠠᠨ ᠳᠤ᠂ ᠢᠯᠠᠩᠭᠤᠶ᠎ᠠ ᠠᠶᠠᠨᠴᠢᠳ ᠤᠨ ᠴᠤᠪᠤᠷᠠᠯ ᠲᠦᠪᠯᠡᠷᠡᠭᠰᠡᠨ ᠬᠤᠭᠤᠴᠠᠭᠠᠨ ᠳᠤ᠂ ᠪᠢᠳᠡ ᠲᠣᠭᠤᠷᠢᠨ ᠪᠠᠶᠢᠴᠠᠭᠠᠬᠤ ᠤᠳᠠᠭ᠎ᠠ ᠪᠠᠨ ᠨᠢᠭᠲᠠᠷᠠᠭᠤᠯᠵᠤ᠂ ᠲᠡᠷᠭᠡᠨ ᠳᠡᠭᠡᠷᠡᠬᠢ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠵᠤ᠂ ᠪᠡᠯᠡᠳᠬᠡᠯ ᠪᠣᠳᠠᠰ ᠤᠨ ᠪᠠᠶᠢᠳᠠᠯ ᠢ ᠪᠠᠶᠢᠴᠠᠭᠠᠨ ᠦᠵᠡᠵᠦ᠂ ᠬᠡᠦᠬᠡᠳ᠂ ᠨᠠᠰᠤᠲᠠᠶᠢᠴᠤᠳ ᠵᠡᠷᠭᠡ ᠭᠤᠤᠯᠳᠠᠯᠭ᠎ᠠ ᠲᠠᠢ ᠠᠶᠠᠨᠴᠢᠳ ᠤᠨ ᠦᠶᠯᠡᠴᠢᠯᠡᠭᠡ ᠶᠢ ᠴᠢᠩᠭᠠᠳᠬᠠᠪᠠ᠃︾ ᠭᠡᠵᠦ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠤᠭᠤᠲᠤ ᠶᠢᠨ ᠠᠶᠠᠨᠴᠢᠳ ᠤᠨ ᠵᠥᠭᠡᠭᠡᠪᠦᠷᠢ ᠶᠢᠨ ᠬᠡᠰᠡᠭ ᠤᠨ ᠳᠡᠭᠡᠳᠤ ᠬᠤᠷᠳᠤ ᠶᠢᠨ ᠲᠡᠮᠦᠷ ᠵᠠᠮ  ᠤᠨ ᠭᠠᠯᠲᠤ ᠲᠡᠷᠭᠡᠨ ᠤ ᠳᠠᠷᠤᠭ᠎ᠠ ᠶᠠᠩ ᠸᠧᠨ ᠵᠢᠶᠧ ᠲᠠᠨᠢᠯᠴᠠᠭᠤᠯᠪᠠ᠃     ᠠᠳᠠᠯᠢᠬᠠᠨ ᠬᠦᠷᠢᠶᠡᠯᠡᠯ ᠲᠠᠢ ᠨᠢ ᠪᠠᠰᠠ ᠬᠥᠬᠡᠬᠤᠲᠠ ᠶᠢᠨ ᠵᠡᠭᠦᠨ ᠥᠷᠲᠡᠭᠡ ᠠᠴᠠ ᠬᠠᠩᠵᠧᠦ ᠬᠥᠷᠬᠦ G3752 ᠡᠭᠡᠯᠵᠢ ᠶᠢᠨ ᠰᠢᠭᠤᠳ ᠨᠡᠪᠲᠡᠷᠡᠬᠦ ᠬᠤᠯᠠ ᠵᠠᠮ ᠤᠨ ᠳᠡᠭᠡᠳᠦ ᠬᠤᠷᠳᠤ ᠶᠢᠨ ᠭᠠᠯᠲᠤ ᠲᠡᠷᠭᠡ ᠪᠣᠯᠤᠨ᠎ᠠ᠃ ᠭᠠᠯᠲᠤ ᠲᠡᠷᠭᠡ ᠨᠢ ᠵᠢᠨᠢᠩ -  ᠳ᠋ᠠᠲ᠋ᠦ᠋ᠩ - ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠲᠠᠭᠠᠨ ᠡᠮᠦᠨᠡᠰᠢ ᠪᠠᠭᠤᠵᠤ᠂ ᠵᠧᠩᠵᠧᠦ ᠠᠴᠠ ᠲᠠᠶᠢᠶᠤᠸᠠᠨ ᠬᠦᠷᠬᠦ᠂ ᠵᠧᠩᠵᠧᠦ ᠠᠴᠠ ᠰᠢᠦᠵᠧᠦ ᠬᠦᠷᠬᠦ᠂ ᠪᠡᠭᠡᠵᠢᠩ ᠠᠴᠠ ᠱᠠᠩᠬᠠᠢ ᠬᠦᠷᠬᠦ ᠵᠡᠷᠭᠡ ᠳᠡᠭᠡᠳᠤ ᠬᠤᠷᠳᠤ ᠶᠢᠨ ᠲᠡᠮᠦᠷ ᠵᠠᠮ ᠢᠶᠠᠷ ᠠᠶᠠᠯᠠᠵᠤ᠂  ᠶᠠᠭ ᠯᠠ ᠨᠢᠭᠡ ᠵᠤᠷᠪᠤᠰ ᠲᠣᠷᠭᠠᠨ ᠪᠦᠰᠡ ᠰᠢᠭ ᠤᠯᠠᠭᠠᠨᠴᠠᠪ᠂ ᠳ᠋ᠠᠲ᠋ᠦ᠋ᠩ᠂ ᠲᠠᠶᠢᠶᠤᠸᠠᠨ᠂ ᠵᠧᠩᠵᠧᠦ᠂ ᠶᠠᠨᠴᠧᠩ᠂ ᠨᠠᠨᠲ᠋ᠦ᠋ᠩ᠂ ᠱᠠᠩᠬᠠᠢ᠂ ᠰᠦᠵᠧᠦ ᠵᠡᠷᠭᠡ 30 ᠭᠠᠷᠤᠢ ᠬᠤᠲᠠ ᠶᠢ ᠬᠡᠯᠬᠢᠶᠡᠵᠢᠭᠦᠯᠵᠦ᠂ ᠵᠠᠮ ᠳᠠᠭᠠᠤ ᠶᠢᠨ ᠠᠶᠠᠨᠴᠢᠳ ᠤᠨ ᠶᠠᠪᠤᠵᠤ ᠰᠠᠭᠤᠬᠤ ᠳᠤ ᠨᠡᠩ ᠤᠯᠠᠨ ᠰᠣᠩᠭᠤᠯᠲᠠ ᠬᠠᠩᠭᠠᠪᠠ᠃      ᠡᠳᠦᠭᠡ᠂ ᠵᠢᠨᠢᠩ -  ᠳ᠋ᠠᠲ᠋ᠦ᠋ᠩ - ᠶᠤᠸᠠᠨᠫᠢᠩ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠬᠤᠯᠪᠣᠯᠲᠠ ᠳᠣᠣᠷ᠎ᠠ᠂ ᠥᠪᠥᠷ ᠮᠣᠩᠭᠤᠯ ᠤᠨ ᠳᠤᠮᠳᠠ ᠪᠠᠷᠠᠭᠤᠨ ᠣᠷᠣᠨ ᠢ ᠪᠦᠬᠦ ᠤᠯᠤᠰ ᠤᠨ ᠳᠡᠭᠡᠳᠤ ᠬᠤᠷᠳᠤ ᠶᠢᠨ ᠲᠡᠮᠦᠷ ᠵᠠᠮ ᠤᠨ ᠲᠣᠣᠷ ᠲᠤ ᠵᠠᠯᠭᠠᠨ ᠣᠷᠣᠭᠤᠯᠵᠤ᠂ ᠵᠠᠮ ᠳᠠᠭᠠᠤ ᠶᠢᠨ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠲᠦᠬᠦᠮ ᠪᠣᠯᠭᠠᠪᠠ᠃                                                   ᠰᠤᠷᠪᠤᠯᠵᠢᠯᠠᠭᠴᠢ  ᠵᠠᠩ ᠴᠧᠩ       
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号