ᠬᠢᠷᠢ ᠬᠡᠮ ᠤᠨ ᠰᠢᠯᠭᠠᠯᠲᠠ᠄ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠵᠢᠯᠣᠭᠤᠴᠢ ᠬᠡᠷᠪᠡ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ ᠰᠠᠨᠠᠭ᠎ᠠ ᠲᠠᠢ ᠪᠣᠯ ᠵᠠᠮ ᠲᠡᠭᠡᠭᠡᠪᠦᠷᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠬᠡᠷᠬᠢᠨ ᠭᠤᠶᠤᠴᠢᠯᠠᠨ ᠠᠪᠬᠤ ᠪᠣᠶ︖
ᠨᠡᠶᠢᠲᠡᠯᠡᠭᠰᠡᠨ ᠴᠠᠭ᠄
2025/2/11
    ︽ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ︾ ᠶᠣᠰᠣᠭᠠᠷ᠂ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠨᠢ ᠲᠣᠮᠣ ᠬᠡᠯᠪᠡᠷᠢ ᠶᠢᠨ ᠪᠠᠷᠠᠭᠠᠨ ᠤ ᠲᠡᠷᠭᠡ ︵B2︶ ᠶᠢ ᠵᠢᠯᠣᠭᠤᠳᠴᠤ ᠪᠣᠯᠤᠨ᠎ᠠ᠃ ᠡᠶᠢᠮᠦ ᠠᠴᠠ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠵᠢᠯᠣᠭᠤᠴᠢ ᠬᠡᠷᠪᠡ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ ᠰᠠᠨᠠᠭ᠎ᠠ ᠲᠠᠢ ᠪᠣᠯ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠷ ᠢᠶᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠭᠤᠶᠤᠴᠢᠯᠠᠨ ᠠᠪᠴᠤ ᠪᠣᠯᠤᠨ᠎ᠠ᠃ ᠬᠡᠷᠪᠡ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠵᠢᠯᠣᠭᠤᠴᠢ ᠨᠢᠭᠡᠨᠲᠡ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠣᠯᠤᠭᠰᠠᠨ ᠪᠠᠶᠢᠪᠠᠯ᠂ ︽ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ ᠲᠣᠭᠲᠠᠭᠠᠯ︾ ᠤᠨ ᠲᠣᠭᠲᠠᠭᠠᠯ ᠶᠣᠰᠣᠭᠠᠷ᠂ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠡᠷᠭᠢᠯᠡᠬᠦ ᠬᠢᠷᠢ ᠬᠡᠮ ᠤᠨ ᠲᠥᠷᠥᠯ ᠢᠯᠭᠠᠯ ᠢ ᠭᠤᠶᠤᠴᠢᠯᠠᠨ ᠠᠪᠬᠤ ᠦᠶ᠎ᠡ ᠳᠤ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号