ᠪᠠᠷᠠᠭᠠᠨ ᠤ ᠲᠡᠭᠡᠭᠡᠪᠦᠷᠢ᠄ ᠲᠣᠮᠣ ᠵᠦᠢᠯ ᠤᠨ ᠲᠡᠭᠡᠭᠡᠪᠦᠷᠢ ᠳᠤ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠪᠣᠢ︖
ᠨᠡᠶᠢᠲᠡᠯᠡᠭᠰᠡᠨ ᠴᠠᠭ᠄
2025/2/12
    ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠮᠣ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠵᠢᠷᠤᠮᠵᠢᠭᠤᠯᠬᠤ ᠶᠢᠨ ᠲᠥᠯᠥᠭᠡ᠂ ︽︿ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠪᠠ ᠮᠡᠷᠭᠡᠵᠢᠯ ᠤᠨ ᠱᠠᠭᠠᠷᠳᠠᠯᠭ᠎ᠠ ︵ᠰᠠᠨᠠᠯ ᠬᠤᠷᠢᠶᠠᠬᠤ ᠨᠣᠤᠷᠠᠭ︶﹀ ᠶᠢᠨ ᠰᠠᠨᠠᠯ ᠢ ᠬᠤᠷᠢᠶᠠᠬᠤ ᠵᠠᠬᠢᠳᠠᠯ︾ ᠪᠠ         ︽ᠬᠡᠮᠵᠢᠶ᠎ᠡ ᠠᠴᠠ ᠬᠡᠲᠦᠷᠡᠭᠰᠡᠨ ᠲᠡᠷᠭᠡ ᠬᠥᠰᠬᠡ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠲᠣᠭᠲᠠᠭᠠᠯ ᠢ ᠦᠨᠳᠦᠰᠦᠯᠡᠨ᠂ ᠡᠳᠦᠭᠡ ᠳᠣᠤᠷᠠᠬᠢ ᠮᠡᠲᠦ ᠱᠠᠭᠠᠷᠳᠠᠯᠭ᠎ᠠ ᠶᠢ ᠭᠠᠷᠭᠠᠪᠠ᠄    1. ᠳᠠᠭᠠᠭᠠᠨ ᠲᠡᠭᠡᠭᠡᠪᠦᠷᠢᠯᠡᠭᠴᠢ ᠨᠢ ᠴᠢᠷᠬᠦ ᠲᠡᠷᠭᠡ ᠶᠢᠨ ᠥᠮᠴᠢᠯᠡᠭᠴᠢ ᠯᠦᠭᠡ ᠨᠢᠭᠡᠳᠦᠯᠲᠡᠶ ᠪᠠᠶᠢᠬᠤ ᠬᠡᠷᠡᠭᠲᠡᠶ︔    2. ᠴᠢᠷᠦᠭᠦᠯ ᠲᠡᠷᠭᠡ ᠶᠢᠨ ᠥᠮᠴᠢᠯᠡᠭᠴᠢ ᠶᠢ ᠰᠢᠰᠲ᠋ᠧᠮ ᠳᠣᠲᠣᠷ᠎ᠠ ᠨᠢᠭᠡᠨᠲᠡ ᠳᠠᠩᠰᠠᠯᠠᠭᠤᠯᠤᠭᠰᠠᠨ ᠪᠥᠭᠡᠳ ᠲᠣᠮᠣ ᠬᠡᠯᠪᠡᠷᠢ ᠶᠢᠨ ᠡᠳ᠋ ᠪᠠᠷᠠᠭ᠎ᠠ ᠲᠡᠭᠡᠭᠡᠪᠦᠷᠢᠯᠡᠬᠦ ᠬᠢᠷᠢ ᠭᠡᠮ ᠢ ᠪᠦᠷᠢᠯᠳᠦᠭᠦᠯᠦᠭᠰᠡᠨ ᠠᠵᠤ ᠠᠬᠤᠶᠢᠯᠠᠯ ᠪᠠᠶᠢᠬᠤ ᠬᠡᠷᠡᠭᠲᠡᠶ︔    3. ᠮᠡᠳᠡᠭᠦᠯᠦᠭᠰᠡᠨ ᠴᠢᠷᠦᠭᠦᠯ ᠲᠡᠷᠭᠡ ᠶᠢᠨ ᠥᠮᠴᠢᠯᠡᠭᠴᠢ ᠨᠢ ᠳᠠᠭᠠᠭᠠᠨ ᠲᠡᠭᠡᠭᠡᠪᠦᠷᠢᠯᠡᠭᠴᠢ ᠯᠦᠭᠡ ᠨᠢᠭᠡᠳᠦᠯᠲᠡᠶ ᠦᠭᠡᠶ  ᠪᠠᠶᠢᠪᠠᠯ᠂ ᠴᠢᠷᠦᠭᠦᠯ ᠲᠡᠷᠭᠡ ᠶᠢᠨ ᠥᠮᠴᠢᠯᠡᠭᠴᠢ ᠶᠢᠨ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠰᠦᠯᠵᠢᠶᠡᠨ ᠳᠤ ᠣᠷᠣᠭᠤᠯᠬᠤ ᠬᠡᠷᠡᠭᠲᠡᠶ︔    4. ᠠᠳᠠᠯᠢ ᠨᠢᠭᠡ ᠠᠶᠠᠯᠠᠯ ᠤᠨ ᠬᠤᠭᠤᠴᠠᠭᠠᠨ ᠳᠤ ᠠᠳᠠᠯᠢ ᠨᠢᠭᠡᠨ ᠲᠣᠮᠣ ᠵᠦᠢᠯ ᠤᠨ ᠲᠡᠭᠡᠭᠡᠪᠦᠷᠢ ᠶᠢᠨ ᠲᠡᠷᠭᠡ ᠬᠦᠰᠭᠡ ᠶᠢᠨ ᠲᠤᠰᠢᠶᠠᠵᠤ ᠪᠣᠯᠬᠤ ᠪᠠᠷᠠᠭ᠎ᠠ ᠠᠴᠢᠶᠠᠯᠠᠵᠤ ᠪᠣᠯᠬᠤ ᠦᠶ᠎ᠡ ᠶᠢᠨ ᠭᠤᠶᠤᠴᠢᠯᠠᠯ ᠤᠨ ᠲᠤᠭ᠎ᠠ ᠬᠡᠮᠵᠢᠶ᠎ᠡ ᠶᠢ 2 ᠬᠤᠪᠢ ᠠᠴᠠ ᠬᠡᠲᠦᠷᠡᠭᠦᠯᠵᠦ ᠪᠣᠯᠬᠤ ᠦᠭᠡᠢ︔    5. ᠠᠳᠠᠯᠢ ᠨᠢᠭᠡᠨ ᠲᠡᠷᠭᠡ ᠬᠥᠰᠬᠡ ᠶᠢᠨ ᠭᠠᠭᠴᠠ ᠡᠳᠦᠷ ᠤᠨ ᠳᠣᠲᠣᠷ᠎ᠠ ᠬᠦᠴᠦᠨ ᠦᠭᠡᠶ ᠪᠣᠯᠭᠠᠬᠤ ᠤᠳᠠᠭ᠎ᠠ ᠶᠢ ᠭᠤᠷᠪᠠ ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠶ᠂ ᠡᠰᠡ ᠲᠡᠶᠢᠮᠦ ᠪᠣᠯ ᠲᠤᠰᠢᠶᠠᠵᠤ ᠪᠣᠯᠬᠤ ᠦᠭᠡᠶ᠃    6. ᠵᠣᠷᠢᠭᠤᠳᠠ ᠪᠠᠷ ᠣᠯᠠᠨ ᠤᠳᠠᠭ᠎ᠠ ᠬᠦᠴᠦᠨ ᠥᠬᠡᠶ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠡᠷᠭᠡ ᠪᠠ ᠪᠠᠷᠠᠭᠠᠨ ᠤ ᠲᠤᠬᠠᠶ ᠶᠢᠨ ᠲᠠᠯᠠᠪᠤᠷ ᠤᠨ ᠬᠠᠷᠭᠤᠭᠤᠯᠤᠨ ᠪᠠᠶᠢᠴᠠᠭᠠᠯᠲᠠ ᠪᠤᠶᠤ ᠬᠦᠨᠳᠦ ᠶᠢ ᠪᠠᠶᠢᠴᠠᠭᠠᠨ ᠬᠡᠮᠵᠢᠬᠦ ᠳᠤ ᠬᠠᠮᠵᠢᠯᠴᠠᠬᠤ ᠶᠢ ᠲᠡᠪᠴᠢᠭᠰᠡᠨ ᠠᠵᠤ ᠠᠬᠤᠶᠢᠯᠠᠯ᠂ ᠲᠡᠷᠭᠡ ᠬᠥᠰᠬᠡ ᠪᠠ ᠬᠦᠢᠴᠡᠳᠬᠡᠭᠴᠢ ᠶᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠵᠦ᠂ ᠪᠣᠳᠠᠲᠤ ᠬᠡᠷᠡᠭ ᠢ ᠦᠨᠳᠦᠰᠦᠯᠡᠨ ︽ᠭᠤᠤᠯᠳᠠᠯᠭ᠎ᠠ ᠲᠠᠢ ᠠᠩᠬᠠᠷᠬᠤ︾ ᠪᠤᠶᠤ ︽ᠬᠠᠷ᠎ᠠ ᠲᠠᠩᠰᠠ︾ ᠳᠤ ᠣᠷᠣᠭᠤᠯᠤᠨ᠎ᠠ᠃ ᠨᠢᠭᠡᠨᠲᠡ ︽ᠭᠤᠣᠯᠳᠠᠯᠭ᠎ᠠ ᠲᠠᠢ ᠠᠩᠬᠠᠷᠬᠤ︾ ᠳᠤ ᠣᠷᠣᠭᠤᠯᠤᠭᠰᠠᠨ ᠪᠣᠯᠪᠠᠴᠤ ᠳᠠᠬᠢᠨ ᠣᠯᠠᠨᠲᠠ ᠢᠲᠡᠭᠡᠯ ᠠᠯᠳᠠᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠤᠭᠰᠠᠨ ᠦᠭᠡᠢ ᠶᠢ ᠨᠢ ᠪᠠᠰᠠ ︽ᠬᠠᠷ᠎ᠠ ᠳᠠᠩᠰᠠ︾ ᠳᠤ ᠨᠡᠮᠡᠵᠦ ᠣᠷᠤᠭᠤᠯᠤᠨ᠎ᠠ ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号