︽ᠰᠦᠯᠵᠢᠶ᠎ᠡ ᠪᠠᠷ ᠪᠣᠯᠵᠣᠬᠤ ᠳᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 46 ᠳ᠋ᠤᠭᠠᠷ ᠲᠣᠭᠠᠲᠤ︶ ᠤᠨ ᠲᠠᠪᠤᠳᠤᠭᠠᠷ ᠵᠦᠢᠯ ᠤᠨ | ᠲᠣᠭᠲᠠᠭᠠᠯ ᠢ ᠦᠨᠳᠦᠰᠦᠯᠡᠪᠡᠯ᠄ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠡᠵᠡᠩᠨᠡᠯᠲᠡ ᠬᠢᠬᠦ ᠪᠠᠷ | ᠭᠤᠶᠤᠴᠢᠯᠠᠪᠠᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠶ᠂ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠨ᠎ᠡ᠄ ︵ᠨᠢᠭᠡ︶ ᠠᠵᠤ | ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠭᠡᠮ ᠪᠠᠶᠢᠬᠤ ᠬᠡᠷᠡᠭᠲᠡᠢ︔ ︵ᠬᠤᠶᠠᠷ︶ ᠰᠦᠯᠵᠢᠶ᠎ᠡ ᠪᠠᠷ ᠪᠣᠯᠵᠣᠬᠤ | ᠮᠠᠰᠢᠨ ᠲᠡᠷᠭᠡᠨ ᠤ ᠡᠵᠡᠩᠨᠡᠯᠲᠡ ᠦᠷᠨᠢᠭᠦᠯᠬᠦ ᠢᠨᠲ᠋ᠧᠷ ᠰᠦᠯᠵᠢᠶᠡᠨ ᠤ ᠲᠠᠪᠴᠠᠩ ᠪᠠ ᠲᠤᠬᠠᠶᠢᠯᠠᠭᠰᠠᠨ ᠠᠵᠢᠯ | ᠥᠷᠨᠢᠭᠦᠯᠬᠦ ᠪᠠᠷ ᠪᠠᠶᠢᠭ᠎ᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠲᠠᠢ ᠬᠠᠷᠢᠯᠴᠠᠨ ᠨᠡᠪᠲᠡᠷᠡᠯᠴᠡᠬᠦ ᠵᠢᠴᠢ | ᠰᠢᠢᠳᠪᠦᠷᠢᠯᠡᠬᠦ ᠴᠢᠳᠠᠪᠤᠷᠢ ᠶᠢ ᠪᠦᠷᠢᠳᠦᠭᠦᠯᠵᠦ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠳᠣᠲᠣᠭᠠᠳᠤ ᠶᠢ | ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠵᠡᠷᠭᠡ ᠬᠠᠮᠢᠶ᠎ᠠ ᠪᠦᠬᠦᠢ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠶᠣᠰᠣᠭᠠᠷ ᠬᠠᠮᠢᠶ᠎ᠠ ᠪᠦᠬᠦᠢ ᠰᠦᠯᠵᠢᠶᠡᠨ ᠤ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠨᠥᠬᠦᠴᠡᠯ ᠢ ᠪᠦᠷᠢᠳᠦᠭᠦᠯᠵᠦ᠂ ᠰᠦᠯᠵᠢᠶ᠎ᠡ ᠶᠢᠨ | ᠦᠢᠯᠡᠴᠢᠯᠡᠭᠡᠨ ᠤ ᠲᠠᠪᠴᠠᠩ ᠤᠨ ᠳ᠋ᠠᠶᠢᠲ᠋ᠠ ᠬᠥᠮᠥᠷᠭᠡ ᠨᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠯᠦᠭᠡ ᠵᠠᠯᠭᠠᠨ ᠠᠪᠴᠤ᠂ ᠦᠢᠯᠡᠴᠢᠯᠡᠭᠦᠷ ᠢ ᠳᠤᠮᠳᠠᠳᠤ ᠤᠯᠤᠰ ᠤᠨ | ᠳᠣᠲᠣᠷ ᠭᠠᠵᠠᠷ ᠲᠤ ᠪᠠᠶᠢᠷᠢᠯᠠᠭᠤᠯᠵᠤ᠂ ᠲᠣᠭᠲᠠᠭᠠᠯ ᠳᠤ ᠨᠡᠶᠢᠴᠡᠭᠰᠡᠨ ᠰᠦᠯᠵᠢᠶᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠪᠠᠶᠢᠬᠤ | ᠬᠡᠷᠡᠭᠲᠡᠢ︔ ︵ᠭᠤᠷᠪᠠ︶ ᠡᠯᠧᠺᠲᠷᠣᠨ ᠢᠶᠠᠷ ᠥᠭᠬᠦ ᠶᠢ ᠬᠡᠷᠡᠭᠯᠡᠭᠰᠡᠨ ᠪᠠᠶᠢᠪᠠᠯ᠂ ᠪᠠᠩᠬᠢ᠂ ᠪᠠᠩᠬᠢ ᠶᠢᠨ ᠪᠤᠰᠤ | ᠵᠣᠭᠤᠰ ᠥᠭᠬᠦ ᠪᠠᠶᠢᠭᠤᠯᠤᠮᠵᠢ ᠯᠤᠭ᠎ᠠ ᠦᠭᠴᠦ ᠳ᠋ᠦᠩᠨᠡᠨ ᠪᠣᠳᠣᠬᠤ ᠦᠢᠯᠡᠴᠢᠯᠡᠭᠡᠨ ᠬᠠᠩᠭᠠᠬᠤ ᠵᠥᠪᠳᠡᠯᠴᠡᠬᠡᠷ | ᠲᠣᠭᠲᠠᠬᠤ ᠬᠡᠷᠡᠭᠲᠡᠶ︔ ︵ᠳᠦᠷᠪᠡ︶ ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ ᠶᠢᠨ ᠳᠦᠷᠢᠮ᠂ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ | ᠳᠦᠷᠢᠮ ᠪᠠᠶᠢᠬᠤ ᠬᠡᠷᠡᠭᠲᠡᠢ︔ ︵ᠲᠠᠪᠤ︶ ᠦᠢᠯᠡᠴᠢᠯᠡᠭᠡᠨ ᠤ ᠪᠠᠶᠢᠭ᠎ᠠ ᠭᠠᠵᠠᠷ ᠲᠤ ᠵᠣᠬᠢᠬᠤ ᠦᠢᠯᠡᠴᠢᠯᠡᠭᠡᠨ ᠤ | ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠬᠡᠷᠡᠭᠲᠡᠢ︔ ︵ᠵᠢᠷᠭᠤᠭ᠎ᠠ︶ ᠬᠠᠤᠯᠢ ᠴᠠᠭᠠᠵᠠ | ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠲᠠᠢ ᠪᠠᠶᠢᠬᠤ ᠬᠡᠷᠡᠭᠲᠡᠢ᠃ ᠭᠠᠳᠠᠭᠠᠳᠤ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠰᠦᠯᠵᠢᠶ᠎ᠡ ᠪᠠᠷ ᠪᠣᠯᠵᠣᠬᠤ ᠲᠡᠷᠭᠡ ᠡᠵᠡᠩᠨᠡᠭᠰᠡᠨ ᠪᠠᠶᠢᠪᠠᠯ᠂ ᠳᠡᠭᠡᠷ᠎ᠡ | ᠳᠤᠷᠠᠳᠤᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ | ᠪᠠᠶᠢᠬᠤ ᠬᠡᠷᠡᠭᠲᠡᠶ᠃ | |