| | 2 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ | ᠪᠦᠯᠬᠦᠮ ᠳᠠᠭᠠᠭᠤᠯᠤᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠳᠤ | ᠬᠦᠷᠴᠦ ᠠᠵᠤ ᠠᠬᠤᠶᠢᠯᠠᠯ ᠢ ᠲᠣᠰᠠᠯᠠᠨ ᠦᠢᠯᠡᠴᠢᠯᠡᠬᠦ᠂ ᠲᠡᠮᠦᠷ ᠵᠠᠮ ᠠᠭᠠᠷ ᠤᠨ ᠠᠶᠠᠯᠠᠯ ᠤᠨ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠬᠦ ᠬᠤᠯᠪᠣᠭᠳᠠᠯ ᠪᠥᠬᠦᠶ ᠠᠵᠢᠯ ᠶᠠᠪᠤᠳᠠᠯ ᠢ ᠵᠣᠯᠭᠠᠭᠤᠯᠪᠠ᠃ | ᠡᠨᠡ ᠬᠤᠭᠤᠴᠠᠭᠠᠨ ᠳᠤ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠠᠵᠤ ᠠᠬᠤᠶᠢᠯᠠᠯ ᠤᠨ | ᠲᠡᠦᠬᠡ ᠶᠢᠨ ᠤᠯᠠᠷᠢᠯ ᠬᠤᠪᠢᠰᠤᠯ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠡᠵᠡᠩᠨᠡᠯᠲᠡ ᠶᠢᠨ ᠬᠡᠪᠴᠢᠶ᠎ᠡ᠂ | ᠠᠵᠢᠯ ᠤᠨ ᠦᠷ᠎ᠡ ᠪᠦᠲᠦᠮᠵᠢ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ | ᠢᠯᠠᠩᠭᠤᠶ᠎ᠠ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠪᠠ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ | ᠬᠥᠭᠵᠢᠯᠲᠡ ᠶᠢᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ᠂ ᠲᠡᠮᠦᠷ ᠵᠠᠮ ᠠᠭᠠᠷ ᠤᠨ ᠠᠶᠠᠯᠠᠯ ᠤᠨ ᠴᠢᠬᠤᠯᠠ ᠶᠡᠭᠡ | ᠲᠦᠷᠦᠯ ᠵᠦᠢᠯ ᠢ ᠲᠥᠯᠥᠪᠵᠢᠭᠦᠯᠬᠦ ᠪᠠ ᠪᠦᠳᠦᠭᠡᠨ ᠪᠠᠶᠢᠭᠤᠯᠬᠤ ᠶᠢᠨ ᠲᠣᠭᠤᠷᠢᠨ ᠳᠤ ᠣᠷᠣᠰᠢᠵᠤ ᠪᠠᠶᠢᠭ᠎ᠠ | ᠠᠵᠢᠯ ᠤᠨ ᠭᠤᠣᠯᠳᠠᠯᠭ᠎ᠠ ᠵᠢᠴᠢ ᠲᠦᠭᠵᠢᠷᠡᠯ ᠤᠨ ᠴᠡᠭ᠂ ᠳᠣᠤᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠪᠤᠶᠢᠵᠢᠭᠤᠯᠤᠯᠲᠠ ᠶᠢᠨ ᠲᠣᠭᠤᠷᠢᠨ ᠳᠤ ᠰᠠᠨᠠᠯ ᠢᠶᠠᠨ | ᠭᠦᠨᠵᠡᠭᠡᠢ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠠᠵᠢᠯ ᠢ ᠵᠣᠯᠭᠠᠭᠤᠯᠬᠤ ᠲᠣᠭᠲᠠᠴᠠ ᠶᠢ | ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠮᠦᠷ ᠵᠠᠮ | ᠠᠭᠠᠷ ᠤᠨ ᠠᠶᠠᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ | ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠲᠡᠢ | ᠪᠦᠲᠦᠮᠵᠢᠲᠡᠢ ᠲᠤᠯᠭᠠᠭᠤᠷᠢᠯᠠᠯ ᠬᠠᠩᠭᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | | ᠡᠬᠡ ᠪᠢᠴᠢᠭ᠄ ᠲᠢᠩᠬᠢᠮ ᠤᠨ ᠠᠯᠪᠠᠨ ᠭᠡᠷ |