2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ | ᠲᠡᠮᠦᠷ ᠵᠠᠮ ᠤᠨ ᠪᠠᠷᠢᠯᠭ᠎ᠠ ᠶᠢᠨ ᠪᠤᠬ᠎ᠠ ᠲᠡᠷᠭᠡᠨ ᠳᠤ ᠰᠠᠭᠤᠵᠤ᠂ ᠪᠠᠢ ᠴᠧᠩ ᠠᠴᠠ ᠷᠠᠰᠢᠶᠠᠨ ᠬᠦᠷᠬᠦ ᠲᠡᠮᠦᠷ ᠵᠠᠮ | ᠤᠨ ᠤᠯᠠᠭᠠᠨᠬᠤᠲᠠ ᠠᠴᠠ ᠷᠠᠰᠢᠶᠠᠨ ᠬᠥᠷᠬᠦ ᠬᠡᠰᠡᠭ ᠤᠨ ᠵᠠᠮ ᠳᠠᠭᠠᠤ ᠶᠢᠨ ᠲᠥᠬᠦᠭᠡᠷᠦᠮᠵᠢ ᠶᠢᠨ ᠣᠳᠣᠬᠢ ᠪᠠᠶᠢᠳᠠᠯ | ᠪᠠ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠪᠡ᠃ | ᠡᠨᠡ ᠬᠤᠭᠤᠴᠠᠭᠠᠨ ᠳᠤ᠂ ᠬᠢᠩᠭᠠᠨ ᠠᠶᠢᠮᠠᠭ ᠤᠨ ᠵᠠᠬᠢᠷᠭ᠎ᠠ᠂ ᠳᠤᠮᠳᠠᠳᠤ ᠤᠯᠤᠰ ᠤᠨ ᠲᠡᠮᠦᠷ ᠵᠠᠮ ᠤᠨ | ᠮᠦᠭᠳᠡᠨ ᠤ ᠲᠣᠪᠴᠢᠶ᠎ᠠ ᠶᠢᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤᠯᠠᠭᠠᠨᠬᠤᠲᠠ ᠠᠴᠠ ᠷᠠᠰᠢᠶᠠᠨ | ᠬᠥᠷᠬᠦ ᠬᠡᠰᠡᠭ ᠲᠤ ᠬᠥᠳᠡᠯᠭᠡᠭᠦᠷᠲᠦ ᠭᠠᠯᠲᠤ ᠲᠡᠷᠭᠡ ᠭᠦᠶᠦᠯᠭᠡᠬᠦ ᠶᠢ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢᠨ | ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠰᠠᠨᠠᠯ ᠢᠶᠠᠨ | ᠰᠣᠯᠢᠯᠴᠠᠪᠠ᠃ | ᠭᠤᠤ ᠱᠢ ᠴᠢᠨ᠂ ᠤᠯᠠᠭᠠᠨᠬᠤᠲᠠ ᠠᠴᠠ ᠷᠠᠰᠢᠶᠠᠨ ᠬᠥᠷᠬᠦ ᠲᠡᠮᠦᠷ ᠵᠠᠮ ᠪᠣᠯ ᠵᠡᠭᠦᠨ ᠬᠤᠶᠢᠲᠤ ᠣᠷᠣᠨ ᠤ ᠵᠠᠮ | ᠲᠣᠤᠷ ᠤᠨ ᠴᠢᠬᠤᠯᠠ ᠨᠡᠪᠲᠡᠷᠡᠬᠦ ᠵᠠᠮ ᠪᠠᠶᠢᠵᠤ᠂ ᠣᠷᠣᠨ ᠪᠠᠶᠢᠷᠢ ᠨᠢ ᠥᠪᠡᠷᠮᠢᠴᠡ᠂ ᠠᠴᠢ ᠬᠤᠯᠪᠣᠭᠳᠠᠯ ᠨᠢ | ᠴᠢᠬᠤᠯᠠ ᠪᠣᠯᠬᠤᠷ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ ᠱᠤᠭᠤᠮ ᠤᠨ | ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠬᠤ ᠬᠡᠷᠡᠭᠲᠡᠶ᠃ ᠮᠦᠭᠳᠡᠨ ᠤ ᠲᠣᠪᠴᠢᠶ᠎ᠠ ᠶᠢᠨ ᠪᠦᠯᠦᠭᠯᠡᠯ ᠺᠣᠮᠫᠠᠨᠢ ᠨᠢ | ᠷᠠᠰᠢᠶᠠᠨ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ᠂ ᠢᠯᠠᠩᠭᠤᠶ᠎ᠠ ᠵᠢᠭᠤᠯᠴᠢᠯᠠᠯ ᠢ | ᠨᠡᠭᠡᠭᠡᠨ ᠬᠥᠭᠵᠢᠭᠦᠯᠬᠦ ᠳᠤ ᠦᠶᠯᠡᠴᠢᠯᠡᠬᠦ ᠪᠠᠷ ᠭᠤᠤᠯ ᠬᠠᠷᠠᠯᠲᠠ ᠪᠣᠯᠭᠠᠵᠤ᠂ ᠦᠯᠡᠳᠡᠭᠡᠯ ᠢ ᠤᠯᠠᠮ ᠨᠢᠭᠡ ᠠᠯᠬᠤᠮ | ᠢᠳᠡᠪᠬᠢᠵᠢᠭᠦᠯᠦᠨ᠂ ᠴᠢᠨᠠᠷ ᠰᠠᠶᠢᠲᠠᠶ ᠲᠡᠭᠡᠭᠡᠪᠦᠷᠢ ᠶᠢᠨ ᠦᠶᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ | ᠬᠠᠩᠭᠠᠬᠤ ᠬᠡᠷᠡᠭᠲᠡᠶ᠃ ᠪᠦᠲᠦᠭᠡᠨ ᠪᠠᠶᠢᠭᠤᠯᠬᠤ ᠨᠢᠭᠡᠴᠢ ᠨᠦᠭᠦᠳ ᠵᠢᠷᠤᠭ ᠲᠥᠯᠥᠪᠯᠡᠭᠡ ᠶᠢᠨ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠭᠦᠨᠵᠡᠭᠡᠶ ᠰᠤᠳᠤᠯᠵᠤ᠂ ᠡᠮᠦᠨᠡᠬᠢ ᠬᠤᠭᠤᠴᠠᠭᠠᠨ ᠤ ᠠᠬᠢᠴᠠ ᠪᠠᠨ ᠲᠦᠷᠭᠡᠳᠬᠡᠨ᠂ ᠲᠥᠷᠥᠯ | ᠵᠦᠢᠯ ᠤᠨ ᠡᠷᠲᠡᠬᠡᠨ ᠠᠵᠢᠯ ᠡᠬᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ︔ ᠪᠠᠷᠢᠯᠭ᠎ᠠ ᠶᠢᠨ ᠶᠠᠰᠤ ᠴᠢᠨᠠᠷ | ᠪᠣᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠯᠭ᠎ᠠ ᠶᠢᠨ | ᠠᠵᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠪᠠᠨ ᠴᠢᠩᠭᠠᠳᠬᠠᠨ᠂ ᠪᠠᠯᠠ ᠣᠷᠣᠭᠤᠯᠤᠯᠲᠠ ᠶᠢ ᠬᠦᠴᠦᠯᠡᠨ ᠠᠷᠪᠢᠯᠠᠵᠤ | ᠂ ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠬᠤ᠂ ᠣᠶᠢᠷ᠎ᠠ ᠬᠠᠪᠢ ᠶᠢᠨ ᠠᠵᠢᠯᠴᠢᠨ ᠢ ᠬᠡᠷᠡᠭᠯᠡᠬᠦ᠂ ᠲᠤᠬᠠᠶ ᠶᠢᠨ | ᠭᠠᠵᠠᠷ ᠲᠤ ᠨᠢ ᠭᠠᠶᠢᠯᠢ ᠲᠤᠰᠢᠶᠠᠬᠤ ᠶᠢ ᠰᠦᠪᠡᠭᠴᠢᠯᠡᠨ ᠠᠬᠢᠭᠤᠯᠵᠤ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠡᠮᠵᠢᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | | ᠡᠬᠡ ᠪᠢᠴᠢᠭ᠄ ᠲᠢᠩᠬᠢᠮ ᠤᠨ ᠠᠯᠪᠠᠨ ᠭᠡᠷ |