2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠠᠷᠠᠴᠢᠯᠠᠨ | ᠬᠠᠮᠠᠭᠠᠯᠠᠯᠲᠠ᠂ ᠦᠶᠯᠡᠴᠢᠯᠡᠭᠡᠨ ᠤ ᠬᠠᠮᠢᠶᠠᠷᠤᠯᠲᠠ ᠪᠠ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠵᠠᠰᠠᠬᠤ ᠬᠤᠯᠪᠣᠭᠳᠠᠯ ᠪᠥᠬᠦᠶ ᠠᠵᠢᠯ ᠢ ᠲᠤᠬᠠᠢ ᠶᠢᠨ ᠭᠠᠵᠠᠷ ᠲᠤ ᠪᠠᠶᠢᠴᠠᠭᠠᠨ ᠦᠵᠡᠭᠰᠡᠨ ᠪᠥᠭᠡᠳ | ᠰᠢᠨ ᠯᠢᠨ ᠪᠠᠯᠭᠠᠰᠤ ᠶᠢᠨ ᠰᠢᠨ ᠯᠢᠨ ᠲᠣᠰᠬᠤᠨ ᠳᠤ ᠬᠦᠷᠴᠦ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠢ ᠲᠣᠬᠤᠨᠢᠭᠤᠯᠪᠠ᠃ | | | | ᠤᠯᠠᠭᠠᠨᠬᠤᠲᠠ ᠶᠢᠨ ᠬᠤᠶᠢᠨ᠎ᠠ ᠠᠷᠠᠴᠢᠯᠠᠨ ᠬᠠᠮᠠᠭᠠᠯᠠᠬᠤ ᠦᠶᠯᠡᠴᠢᠯᠡᠭᠡᠨ ᠤ ᠲᠥᠪ ᠲᠤ᠂ ᠭᠤᠤ ᠱᠢ ᠴᠢᠨ | ᠴᠠᠰᠤ ᠠᠷᠢᠯᠭᠠᠵᠤ ᠨᠡᠪᠲᠡᠷᠡᠬᠦ ᠶᠢ ᠪᠠᠲᠤᠯᠠᠬᠤ ᠲᠥᠬᠦᠭᠡᠷᠦᠮᠵᠢ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ | ᠤᠨ ᠨᠥᠭᠡᠴᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠬᠢᠩᠭᠠᠨ ᠠᠶᠢᠮᠠᠭ ᠲᠤ ᠴᠠᠰᠤ ᠣᠷᠣᠬᠤ ᠴᠠᠭ ᠠᠭᠤᠷ | ᠡᠭᠦᠰᠴᠦ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠴᠠᠰᠤ ᠮᠥᠰᠥ ᠶᠢ ᠠᠷᠢᠯᠭᠠᠬᠤ | ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ︽ᠬᠡᠵᠢᠶ᠎ᠡ ᠣᠷᠣᠪᠠᠯ ᠬᠡᠵᠢᠶ᠎ᠡ ᠴᠡᠪᠡᠷᠯᠡᠵᠦ᠂ ᠴᠡᠪᠡᠷᠯᠡᠬᠦ ᠶᠢᠨ | ᠳᠠᠭᠠᠤ ᠨᠡᠪᠲᠡᠷᠡᠭᠦᠯᠵᠦ︾᠂ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ | ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠦᠩ ᠾᠧ ᠦᠢᠯᠡᠴᠢᠯᠡᠭᠡᠨ ᠤ ᠲᠣᠭᠤᠷᠢᠭ᠂ ᠪᠠᠶᠠᠨ ᠵᠢᠯᠠᠭ᠎ᠠ ᠲᠡᠷᠭᠡ ᠵᠣᠭᠰᠣᠬᠤ ᠲᠣᠭᠤᠷᠢᠭ ᠲᠤ᠂ | ᠭᠤᠤ ᠱᠢ ᠴᠢᠨ ᠦᠢᠯᠡᠴᠢᠯᠡᠭᠡᠨ ᠤ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠣᠯᠤᠨ ᠴᠠᠬᠢᠯᠭᠠᠨ | ᠴᠡᠨᠡᠭᠯᠡᠬᠦ᠂ ᠲᠤᠰᠤ ᠨᠡᠮᠡᠬᠦ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ | ᠲᠡᠷᠭᠡ ᠵᠣᠭᠰᠣᠬᠤ᠂ ᠲᠣᠰᠣ ᠨᠡᠮᠡᠬᠦ᠂ ᠴᠠᠬᠢᠯᠭᠠᠨ ᠴᠡᠨᠡᠭᠯᠡᠬᠦ᠂ ᠵᠣᠷᠯᠣᠩ᠂ ᠬᠠᠯᠠᠭᠤᠨ ᠤᠰᠤ ᠵᠡᠷᠭᠡ ᠦᠶᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠳᠤ ᠲᠠᠭᠠᠯᠠᠮᠵᠢᠲᠠᠶ ᠳᠥᠭᠦᠮ ᠳᠥᠲᠡ | ᠶᠠᠪᠤᠵᠤ ᠰᠠᠭᠤᠬᠤ ᠣᠷᠴᠢᠨ ᠲᠣᠭᠤᠷᠢᠨ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃ | | | | ᠬᠡᠰᠡᠭ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠲᠤᠬᠠᠶ | ᠶᠢᠨ ᠲᠠᠯᠠᠪᠠᠶ ᠳᠤ᠂ ᠭᠤᠤ ᠱᠢ ᠴᠢᠨ ᠪᠠᠷᠢᠯᠭ᠎ᠠ ᠶᠢᠨ ᠠᠬᠢᠴᠠ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠪᠣᠯᠤᠨ | ᠡᠳᠦᠷ ᠲᠤᠲᠤᠮ ᠤᠨ ᠠᠷᠠᠴᠢᠯᠠᠨ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ︽ᠲᠦᠷᠪᠡᠨ | ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠰᠠᠶᠢᠵᠢᠷᠠᠭᠤᠯᠬᠤ ᠳᠤᠮᠳᠠᠬᠢ ᠰᠠᠭᠤᠷᠢ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠵᠠᠮ ᠤᠨ | ᠲᠣᠣᠷ ᠤᠨ ᠨᠡᠪᠲᠡᠷᠡᠬᠦ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠵᠠᠮ ᠬᠠᠷᠢᠯᠴᠠᠭᠠᠨ ᠤ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠤᠯᠠᠭᠠᠨᠬᠠᠳᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠰᠢᠯᠭᠠᠨ ᠪᠠᠶᠢᠴᠠᠭᠠᠬᠤ | ᠥᠷᠲᠡᠭᠡ ᠳᠤ᠂ ᠭᠤᠤ ᠱᠢ ᠴᠢᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠤᠨ ᠪᠠᠶᠢᠳᠠᠯ ᠢ | ᠨᠠᠷᠢᠨ ᠠᠰᠠᠭᠤᠵᠤ᠂ ᠬᠠᠮᠢᠶ᠎ᠠ ᠪᠥᠬᠦᠶ ᠳᠣᠲᠣᠭᠠᠳᠤ ᠠᠵᠢᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃ ᠲᠡᠷᠡ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠬᠡᠮᠵᠢᠶ᠎ᠡ ᠠᠴᠠ | ᠬᠡᠲᠦᠷᠡᠭᠰᠡᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠴᠤᠪᠤᠷᠠᠯ | ᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ | ᠰᠢᠯᠭᠠᠨ ᠪᠠᠶᠢᠴᠠᠭᠠᠬᠤ᠂ ᠲᠣᠷᠭᠠᠬᠤ᠂ ᠠᠴᠢᠶ᠎ᠠ ᠪᠠᠭᠤᠯᠭᠠᠬᠤ ᠡᠯ᠎ᠡ ᠭᠤᠭᠴᠤᠭ᠎ᠠ ᠶᠢ ᠵᠠᠪᠰᠠᠷ ᠥᠬᠡᠶ ᠵᠣᠯᠭᠠᠭᠤᠯᠬᠤ ᠶᠢ | ᠪᠠᠲᠤᠯᠠᠵᠤ᠂ ᠬᠠᠤᠯᠢ ᠬᠡᠷᠡᠭᠵᠢᠭᠦᠯᠬᠦ ᠲᠠᠯ᠎ᠠ ᠪᠠᠷ ᠬᠢ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠨᠠᠩ ᠥᠨᠳᠥᠷ | ᠪᠠᠷᠢᠮᠵᠢᠶ᠎ᠠ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠰᠢᠨ ᠯᠢᠨ ᠪᠠᠯᠭᠠᠰᠤᠨ ᠳᠤ᠂ ᠭᠤᠤ ᠱᠢ ᠴᠢᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠭᠰᠡᠨ ᠦᠷ᠎ᠡ | ᠪᠦᠲᠦᠮᠵᠢ ᠵᠢᠴᠢ ᠦᠨᠳᠦᠰᠦᠨ ᠱᠠᠲᠤᠨ ᠤ ᠵᠠᠮ ᠬᠠᠷᠢᠯᠴᠠᠭᠠᠨ ᠤ ᠦᠶᠯᠡᠰ ᠤᠨ ᠬᠥᠭᠵᠢᠯᠲᠡ ᠶᠢᠨ ᠪᠠᠶᠢᠳᠠᠯ ᠢ | ᠭᠦᠨᠵᠡᠭᠡᠶ ᠣᠶᠢᠯᠠᠭᠠᠵᠤ᠂ ᠲᠣᠮᠢᠯᠠᠨ ᠰᠠᠭᠤᠭᠰᠠᠨ ᠺᠠᠳ᠋ᠷ ᠤᠨ ᠨᠢᠭᠡᠳᠦᠭᠡᠷ ᠹᠷᠣᠨᠲ ᠲᠤ ᠦᠨᠳᠦᠰᠦ ᠬᠠᠳᠬᠤᠵᠤ᠂ | ᠬᠥᠳᠡᠭᠡ ᠲᠣᠰᠬᠤᠨ ᠳᠤ ᠦᠢᠯᠡᠴᠢᠯᠡᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠶᠴᠡᠳ ᠨᠤᠲᠠᠯᠠᠵᠤ᠂ | ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠶᠴᠡᠳ | ᠪᠠᠳᠠᠷᠠᠭᠤᠯᠵᠤ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ | ᠰᠢᠶᠳᠪᠦᠷᠢᠯᠡᠬᠦ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠵᠠᠮ ᠬᠠᠷᠢᠯᠴᠠᠭᠠᠨ ᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠵᠣᠷᠢᠭᠵᠢᠭᠤᠯᠪᠠ᠃ | | ᠡᠬᠡ ᠪᠢᠴᠢᠭ᠄ ᠲᠢᠩᠬᠢᠮ ᠤᠨ ᠠᠯᠪᠠᠨ ᠭᠡᠷ ᠹᠦ᠋ ᠢ ᠴᠤᠤ |