ᠥᠪᠥᠷ ᠮᠣᠩᠭᠤᠯ ᠤᠨ ᠵᠠᠮ ᠬᠠᠷᠢᠯᠴᠠᠭ᠎ᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2025/2/18
    2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠳᠤ᠂ ᠥᠪᠡᠷ ᠢᠶᠠᠨ ᠲᠡᠷᠭᠡ ᠵᠢᠯᠣᠭᠤᠳᠴᠤ ᠶᠠᠪᠤᠵᠤ ᠰᠠᠭᠤᠬᠤ ᠨᠢ ᠭᠤᠤᠯ ᠴᠣᠭᠴᠠ ᠶᠢᠨ ᠪᠠᠶᠢᠷᠢ ᠶᠢ ᠡᠵᠡᠯᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠶᠠᠪᠤᠵᠤ ᠰᠠᠭᠤᠬᠤ ᠬᠠᠷᠢᠴᠠᠯ ᠨᠢ ᠥᠨᠳᠥᠷ ᠪᠠᠶᠢᠳᠠᠭ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠨᠠᠩ ᠰᠠᠶᠢᠲᠤᠷ ᠪᠠᠲᠤᠯᠠᠵᠤ᠂ ᠠᠷᠠᠳ ᠣᠯᠠᠨ  ᠤ ᠪᠣᠬᠢᠷᠲᠤᠯ ᠥᠬᠡᠶ ᠪᠠᠷ ᠶᠠᠪᠤᠵᠤ ᠰᠠᠭᠤᠬᠤ ᠳᠤ ᠨᠠᠩ ᠰᠠᠶᠢᠲᠤᠷ ᠦᠶᠯᠡᠴᠢᠯᠡᠬᠦ ᠶᠢᠨ ᠲᠥᠯᠥᠭᠡ᠂ ᠮᠠᠨ ᠤ ᠣᠷᠣᠨ  ᠤ ᠡᠵᠡᠩᠨᠡᠵᠦ ᠪᠠᠶᠢᠭ᠎ᠠ 99 ᠬᠤᠣᠰ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠣᠷᠣᠨ ᠳᠤ ᠴᠥᠮ ᠴᠠᠬᠢᠯᠭᠠᠨ ᠴᠡᠨᠡᠭᠯᠡᠬᠦ ᠫᠤᠤ ᠲᠣᠬᠢᠷᠠᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ᠂ ᠴᠠᠬᠢᠯᠭᠠᠨ ᠴᠡᠨᠡᠭᠯᠡᠬᠦ ᠦᠶᠯᠡᠴᠢᠯᠡᠭᠡ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
0218-1jpg.jpg
    ᠨᠢᠭᠡ ᠳᠤ᠂ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃ ᠮᠠᠰᠢᠨ ᠲᠡᠷᠭᠡᠨ ᠤ ᠴᠤᠪᠤᠷᠠᠯ ᠶᠡᠬᠡᠲᠡᠶ ᠭᠤᠤᠯᠳᠠᠯᠭ᠎ᠠ ᠲᠠᠢ ᠦᠶᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠡᠮ ᠰᠣᠭᠤᠭ ᠢ ᠴᠠᠭ ᠲᠤᠬᠠᠶ ᠳᠤ ᠨᠢ ᠰᠢᠶᠳᠪᠦᠷᠢᠯᠡᠨ᠂ ᠡᠯ᠎ᠡ ᠴᠠᠬᠢᠯᠭᠠᠨ ᠴᠡᠨᠡᠭᠯᠡᠬᠦ ᠥᠷᠲᠡᠭᠡ ᠶᠢᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠭᠤᠯᠬᠤ᠂ ᠲᠥᠬᠦᠭᠡᠷᠦᠮᠵᠢ ᠶᠢ ᠬᠠᠮᠤᠭ ᠤᠨ ᠰᠠᠶᠢᠨ ᠠᠵᠢᠯᠯᠠᠬᠤ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠦᠷ᠎ᠡ ᠪᠦᠲᠦᠮᠵᠢᠲᠡᠶ ᠡᠨᠧᠷᠭᠢ ᠨᠥᠬᠦᠪᠥᠷᠢᠯᠡᠬᠦ ᠣᠷᠴᠢᠨ ᠲᠣᠭᠤᠷᠢᠨ ᠢ ᠪᠣᠶ ᠪᠣᠯᠭᠠᠪᠠ᠃     ᠬᠤᠶᠠᠷ ᠲᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠦᠶᠯᠡᠴᠢᠯᠡᠭᠡ ᠶᠢ ᠴᠢᠩᠭᠠᠳᠬᠠᠪᠠ᠃ ᠵᠦᠸᠧᠽᠢ ᠱᠠᠨ᠂ ᠪᠦᠷᠢᠶ᠎ᠡ ᠮᠠᠩᠬ᠎ᠠ᠂ ᠬᠠᠷ᠎ᠠ ᠤᠰᠤ ᠵᠡᠷᠭᠡ ᠴᠤᠪᠤᠷᠠᠯ ᠶᠡᠬᠡᠲᠡᠢ ᠦᠢᠯᠡᠴᠢᠯᠡᠭᠡᠨ ᠤ ᠣᠷᠣᠨ ᠳᠤ 120 ᠬᠡᠳᠦ ᠬᠤᠷᠳᠤᠨ ᠴᠠᠬᠢᠯᠭᠠᠨ ᠴᠡᠨᠡᠭᠯᠡᠬᠦ ᠫᠤᠤ᠂ 6 ᠲᠦᠷ ᠴᠠᠭ ᠤᠨ ᠴᠠᠬᠢᠯᠭᠠᠨ ᠴᠡᠨᠡᠭᠯᠡᠬᠦ ᠲᠡᠷᠭᠡ᠂ 3 ᠰᠢᠯᠵᠢᠮᠡᠯ ᠮᠠᠶ᠋ᠢᠭ ᠤᠨ ᠲᠣᠰᠣ ᠨᠡᠮᠡᠬᠦ ᠲᠡᠷᠭᠡ ᠨᠡᠮᠡᠨ ᠲᠣᠬᠢᠷᠠᠭᠤᠯᠵᠤ᠂ ᠠᠵᠢᠯᠲᠠᠨ ᠤ ᠲᠤᠬᠠᠢ ᠶᠢᠨ ᠲᠠᠯᠠᠪᠤᠷ ᠤᠨ ᠵᠢᠯᠣᠭᠤᠳᠣᠯᠭ᠎ᠠ ᠶᠢ ᠨᠡᠮᠡᠭᠳᠡᠭᠦᠯᠵᠦ᠂ ᠴᠠᠬᠢᠯᠭᠠᠨ ᠴᠡᠨᠡᠭᠯᠡᠬᠦ᠂ ᠲᠣᠰᠣ ᠨᠡᠮᠡᠬᠦ ᠳᠤ ᠮᠥᠷᠯᠡᠨ ᠰᠢᠬᠠᠯᠳᠤᠵᠤ ᠪᠠᠶᠢᠭ᠎ᠠ ᠪᠠᠶᠢᠳᠠᠯ ᠢ ᠪᠦᠲᠦᠮᠵᠢᠲᠡᠶ ᠰᠢᠢᠳᠪᠦᠷᠢᠯᠡᠪᠡ᠃     ᠭᠤᠷᠪᠠ ᠳᠤ᠂ ᠬᠡᠷᠡᠭᠯᠡᠭᠴᠢ ᠶᠢᠨ ᠴᠠᠬᠢᠯᠭᠠᠨ ᠴᠡᠨᠡᠭᠯᠡᠬᠦ ᠣᠶᠢᠯᠠᠭᠠᠯᠲᠠ ᠶᠢ ᠰᠢᠯᠢᠳᠡᠭᠵᠢᠭᠦᠯᠪᠡ᠃ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠴᠠᠬᠢᠯᠭᠠᠨ ᠴᠡᠨᠡᠭᠯᠡᠬᠦ ᠵᠦᠭᠯᠡᠭᠦᠷ ᠢ ᠥᠷᠭᠡᠨ ᠢᠶᠠᠷ ᠨᠡᠶᠢᠲᠡᠯᠡᠵᠦ᠂ ᠡᠯ᠎ᠡ ᠠᠶᠢᠮᠠᠭ ᠬᠤᠲᠠ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ  ᠤ ᠲᠣᠭᠤᠷᠢᠭ ᠤᠨ ᠴᠠᠬᠢᠯᠭᠠᠨ ᠴᠡᠨᠡᠭᠯᠡᠬᠦ  ᠱᠣᠩ ᠤᠨ ᠪᠠᠶᠢᠷᠢᠯᠠᠯ᠂ ᠲᠤᠭ᠎ᠠ ᠬᠡᠮᠵᠢᠶ᠎ᠡ᠂ ᠦᠢᠯᠡᠴᠢᠯᠡᠭᠡᠨ ᠤ ᠤᠳᠠᠰᠤ ᠵᠡᠷᠭᠡ ᠮᠡᠳᠡᠭᠡ ᠵᠠᠩᠭᠢ ᠶᠢ ᠨᠡᠶᠢᠲᠡᠯᠡᠪᠡ᠃ ︽ᠭᠠᠷ ᠤᠨ ᠠᠶ᠎ᠠ ᠪᠠᠷ ᠪᠠᠶᠢᠴᠠᠭᠠᠬᠤ︾᠂ ︽ᠮᠧᠩ ᠯᠦ ᠰᠠᠭᠠᠳ ᠥᠬᠡᠶ ᠠᠶᠠᠯᠠᠬᠤ︾᠂ ︽ᠮᠧᠩ ᠮᠠ ᠴᠠᠬᠢᠯᠭᠠᠨ ᠴᠡᠨᠡᠭᠯᠡᠬᠦ︾ ᠵᠢᠵᠢᠭ ᠫᠷᠤᠭ᠍ᠷᠠᠮ᠂  ᠭᠤᠣ ᠳ᠋ᠧ᠂ ᠪᠠᠶ ᠳ᠋ᠦ᠋ ᠭᠠᠵᠠᠷ ᠤᠨ ᠵᠢᠷᠤᠭ ᠵᠡᠷᠭᠡ ᠲᠠᠪᠴᠠᠩ ᠤᠨ ᠮᠡᠳᠡᠭᠡ ᠵᠠᠩᠭᠢ ᠬᠦᠷᠭᠡᠬᠦ ᠶᠢ ᠴᠢᠩᠭᠠᠳᠬᠠᠵᠤ᠂ ᠲᠡᠷᠭᠡᠨ ᠡᠵᠡᠳ ᠢ ᠬᠠᠪᠰᠤᠷᠤᠨ ᠪᠤᠴᠠᠬᠤ ᠵᠠᠮ ᠱᠤᠭᠤᠮ ᠪᠠ ᠴᠠᠬᠢᠯᠭᠠᠨ ᠴᠡᠨᠡᠭᠯᠡᠬᠦ ᠲᠥᠯᠥᠪᠯᠡᠭᠡ ᠶᠢ ᠤᠷᠢᠳᠴᠢᠯᠠᠨ ᠲᠥᠯᠥᠪᠯᠡᠭᠦᠯᠪᠡ᠃ ᠡᠭᠦᠨ ᠤ ᠬᠠᠮᠲᠤ᠂ ᠵᠢᠵᠢᠭᠦᠷ ᠦᠶᠯᠡᠴᠢᠯᠡᠭᠴᠢ ᠶᠢ ᠵᠣᠬᠢᠰᠲᠠᠶ ᠲᠣᠬᠢᠷᠠᠭᠤᠯᠵᠤ᠂ ᠦᠶᠯᠡᠴᠢᠯᠡᠭᠡ ᠶᠢᠨ ᠤᠲᠠᠰᠤ 24 ᠴᠠᠭ ᠢᠶᠠᠷ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠬᠡᠷᠡᠭᠯᠡᠭᠴᠢᠳ ᠤᠨ ᠠᠰᠠᠭᠤᠨ ᠯᠠᠪᠯᠠᠬᠤ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠴᠣᠤᠷᠢᠶᠠᠳᠤᠨ ᠳᠠᠭᠠᠪᠠ᠃
0218-2.jpg
     ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠠᠴᠠ ᠨᠠᠭᠠᠰᠢ᠂ 2 ᠳ᠋ᠤᠭᠠᠷ ᠰᠠᠷ᠎ᠠ ᠶᠢᠨ 12 ᠤᠨ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ︶ ᠪᠣᠯᠲᠠᠯ᠎ᠠ᠂ ᠪᠥᠬᠦ ᠣᠷᠣᠨ ᠤ ᠳᠡᠭᠡᠳᠤ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ ᠤᠨ ᠲᠤᠬᠠᠶᠢᠯᠠᠭᠰᠠᠨ ᠠᠵᠢᠯ ᠤᠨ ᠶᠡᠷᠦᠩᠬᠡᠶ ᠴᠠᠬᠢᠯᠭᠠᠨ ᠴᠡᠨᠡᠭᠯᠡᠭᠰᠡᠨ ᠬᠡᠮᠵᠢᠶ᠎ᠡ 102.27 ᠲᠦᠮᠡᠨ ᠭᠷᠠᠳᠦ᠋ᠰ ᠲᠤ ᠬᠦᠷᠴᠦ᠂ ᠪᠦᠬᠦ ᠵᠠᠬᠢᠶᠠᠯᠠᠭ᠎ᠠ ᠶᠢᠨ ᠲᠤᠭ᠎ᠠ ᠨᠢ 5 ᠲᠦᠮᠡ ᠭᠠᠷᠤᠶ ᠤᠳᠠᠭ᠎ᠠ ᠪᠠᠶᠢᠵᠤ᠂ ᠬᠡᠷᠡᠭᠯᠡᠭᠴᠢ ᠶᠢᠨ ᠤᠲᠠᠰᠤ ᠢᠷᠡᠭᠦᠯᠵᠦ ᠲᠤᠰᠠᠯᠠᠮᠵᠢ ᠭᠤᠶᠤᠴᠢᠯᠠᠭᠰᠠᠨ 313 ᠠᠰᠠᠭᠤᠳᠠᠯ ᠢ ᠲᠣᠬᠢᠲᠠᠶ ᠰᠢᠶᠳᠪᠦᠷᠢᠯᠡᠵᠦ᠂ ᠥᠷᠭᠡᠨ ᠣᠯᠠᠨ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠡᠵᠡᠳ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠶᠠᠪᠤᠵᠤ ᠰᠠᠭᠤᠬᠤ ᠳᠤ ᠲᠥᠬᠦᠮ ᠦᠵᠡᠭᠦᠯᠪᠡ᠃     ᠡᠬᠡ ᠪᠢᠴᠢᠭ᠄ ᠲᠢᠩᠬᠢᠮ ᠤᠨ ᠵᠠᠰᠠᠮᠠᠯ ᠵᠠᠮ ᠤᠨ ᠭᠠᠵᠠᠷ  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ  ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ 
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号