1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠰᠢᠨ᠎ᠡ ᠪᠠᠷ ᠵᠣᠬᠢᠶᠠᠵᠤ ᠣᠯᠭᠤᠬᠤ᠂ | ᠨᠥᠬᠦᠵᠦ ᠣᠯᠭᠤᠬᠤ᠂ ᠰᠣᠯᠢᠵᠤ ᠣᠯᠭᠤᠬᠤ᠂ ᠬᠤᠪᠢᠷᠠᠭᠤᠯᠬᠤ ᠵᠠᠮ ᠲᠡᠭᠡᠭᠡᠪᠦᠷᠢ ᠶᠢᠨ ᠦᠨᠡᠮᠯᠡᠯ ᠳᠤ ᠴᠥᠮ | ᠡᠯᠧᠺᠲᠷᠣᠨ ᠦᠨᠡᠮᠯᠡᠯ ᠢ ᠬᠡᠷᠡᠭᠯᠡᠵᠦ᠂ ᠴᠠᠭᠠᠰᠤᠨ ᠦᠨᠡᠮᠯᠡᠯ ᠢ ᠳᠠᠭᠢᠵᠤ ᠬᠢᠨᠠᠨ ᠣᠯᠭᠤᠬᠤ ᠦᠭᠡᠢ᠃ ᠣᠳᠣᠬᠠᠨ | ᠪᠣᠯᠲᠠᠯ᠎ᠠ᠂ ᠪᠥᠬᠦ ᠣᠷᠣᠨ ᠳᠤ ᠵᠠᠮ ᠲᠡᠭᠡᠭᠡᠪᠦᠷᠢ ᠶᠢᠨ ᠡᠯᠧᠺᠲᠷᠣᠨ ᠦᠨᠡᠮᠯᠡᠯ ᠢ ᠨᠡᠶᠢᠲᠡ 136.4 ᠲᠦᠮᠡᠨ ᠬᠤᠪᠢ | ᠡᠭᠦᠰᠭᠡᠨ ᠰᠢᠨᠡᠳᠬᠡᠪᠡ᠃ | ︽ᠣᠳᠣ ᠵᠠᠮ ᠲᠡᠭᠡᠭᠡᠪᠦᠷᠢ ᠶᠢᠨ ᠠᠵᠢᠯ ᠡᠷᠭᠢᠯᠡᠭᠰᠡᠳ ᠤᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢᠶᠠᠨ | ᠪᠡᠶ᠎ᠡ ᠳᠤ ᠪᠠᠨ ᠠᠪᠴᠤ ᠶᠠᠪᠤᠬᠤ ᠴᠢᠬᠤᠯᠠ ᠥᠬᠡᠶ ᠪᠣᠯᠵᠠᠶ᠂ ᠦᠨᠡᠬᠡᠷ ᠳᠥᠭᠦᠮ ᠳᠥᠲᠡ ᠪᠦᠭᠡᠳ ᠲᠦᠷᠭᠡᠨ︕︾᠃ | ᠣᠶᠢᠷ᠎ᠠ ᠳᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠪᠠᠷᠠᠭᠠᠨ ᠤ ᠲᠡᠷᠭᠡᠨ ᠵᠢᠯᠣᠭᠤᠴᠢ ᠴᠧᠨ | ᠠᠪᠠᠭ᠋ᠠᠶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︾ | ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ︽ᠵᠠᠮ ᠲᠡᠭᠡᠭᠡᠪᠦᠷᠢ ᠶᠢᠨ ᠡᠯᠧᠺᠲᠷᠣᠨ ᠦᠨᠡᠮᠯᠡᠯ︾ ᠭᠡᠬᠦ | ᠤᠯᠠᠨ ᠨᠡᠶᠢᠳᠡ ᠶᠢᠨ ᠦᠢᠯᠡᠴᠢᠯᠡᠭᠡᠨ ᠤ ᠪᠤᠯᠤᠩ ᠢᠶᠠᠷ ᠳᠠᠮᠵᠢᠨ᠂ ᠡᠯᠧᠺᠲᠷᠣᠨ ᠦᠨᠡᠮᠯᠡᠯ ᠢ ᠠᠮᠵᠢᠯᠲᠠ ᠲᠠᠢ ᠪᠠᠷ | ᠭᠤᠶᠤᠴᠢᠯᠠᠨ ᠠᠪᠴᠠᠢ᠃ | 2024 ᠣᠨ ᠤ 12 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠵᠠᠮ ᠲᠡᠭᠡᠭᠡᠪᠦᠷᠢ ᠶᠢᠨ ᠡᠯᠧᠺᠲᠷᠣᠨ ᠦᠨᠡᠮᠯᠡᠯ ᠢ ᠪᠥᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ ᠱᠠᠭᠠᠷᠳᠠᠭᠰᠠᠨ ᠨᠢ᠂ | 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠨᠢᠭᠡᠨᠲᠡ ᠵᠣᠬᠢᠶᠠᠵᠤ ᠣᠯᠭᠤᠭᠰᠠᠨ | ᠴᠠᠭᠠᠰᠤᠨ ᠪᠠ IC ᠺᠠᠷᠲ ᠤᠨ ᠦᠨᠡᠮᠯᠡᠯ ᠳᠤ᠂ ᠲᠡᠷᠭᠡ ᠬᠥᠰᠬᠡ ᠶᠢᠨ ᠣᠨ ᠤ ᠬᠢᠨᠠᠨ ᠰᠢᠯᠭᠠᠯᠲᠠ᠂ ᠵᠢᠯᠣᠭᠤᠴᠢ ᠶᠢᠨ | ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ᠂ ᠠᠵᠢᠯ ᠡᠷᠭᠢᠯᠡᠬᠦ ᠬᠢᠷᠢ ᠬᠡᠮ ᠤᠨ ᠳᠡᠩᠰᠡᠯᠡᠯᠲᠡ ᠵᠡᠷᠭᠡ ᠲᠠᠢ | ᠤᠶᠠᠯᠳᠤᠭᠤᠯᠤᠨ᠂ ᠡᠯᠧᠺᠲᠷᠣᠨ ᠦᠨᠡᠮᠯᠡᠯ ᠰᠣᠯᠢᠵᠤ ᠣᠯᠭᠤᠬᠤ ᠶᠢ ᠳᠥᠯᠭᠢᠨ ᠠᠬᠢᠭᠤᠯᠬᠤ ᠬᠡᠷᠡᠭᠲᠡᠶ | ︵ᠬᠤᠭᠤᠴᠠᠭ᠎ᠠ ᠨᠢ ᠲᠤᠯᠤᠭᠠᠳᠤᠢ ᠴᠠᠭᠠᠰᠤ ᠪᠠ IC ᠺᠠᠷᠲ ᠤᠨ ᠦᠨᠡᠮᠯᠡᠯ ᠢ ᠮᠥᠨ ᠯᠡ ᠵᠥᠪᠰᠢᠶᠡᠷᠡᠨ᠎ᠡ︶᠃ ᠵᠠᠮ | ᠲᠡᠭᠡᠭᠡᠪᠦᠷᠢ ᠶᠢᠨ ᠡᠯᠧᠺᠲᠷᠣᠨ ᠦᠨᠡᠮᠯᠡᠯ ᠨᠢ ᠪᠣᠳᠠᠲᠤ ᠴᠣᠭᠴᠠ ᠶᠢᠨ ᠦᠨᠡᠮᠯᠡᠯ ᠲᠠᠢ ᠠᠳᠠᠯᠢᠬᠠᠨ ᠬᠠᠤᠯᠢ | ᠴᠠᠭᠠᠵᠠ ᠶᠢᠨ ᠬᠦᠴᠦᠨ ᠲᠠᠢ ᠭᠡᠵᠡᠢ᠃ | ︽ᠮᠠᠨ ᠤ ᠣᠷᠣᠨ ᠳᠤ ᠵᠠᠮ ᠲᠡᠭᠡᠭᠡᠪᠦᠷᠢ ᠵᠢᠴᠢ ᠬᠠᠮᠢᠶ᠎ᠠ ᠪᠥᠬᠦᠶ ᠠᠵᠢᠯ ᠲᠥᠷᠥᠯ ᠤᠨ ᠠᠵᠢᠯ ᠡᠷᠬᠢᠯᠡᠵᠦ | ᠪᠠᠶᠢᠭ᠎ᠠ 37.8 ᠲᠦᠮᠡᠨ ᠬᠥᠮᠦᠨ ᠪᠠᠶᠢᠵᠤ᠂ ᠡᠭᠦᠨ ᠳᠤ 40% ᠶᠢ ᠳᠠᠪᠠᠭᠰᠠᠨ ᠨᠢ ᠣᠷᠳᠣ ᠬᠤᠭᠤᠴᠠᠭ᠎ᠠ ᠪᠠᠷ | ᠣᠨᠳᠣᠤ ᠭᠠᠵᠠᠷ ᠲᠤ ᠠᠵᠢᠯᠯᠠᠵᠤ ᠠᠮᠢᠳᠤᠷᠠᠨ᠂ ᠣᠷᠣᠨ ᠪᠦᠰᠡ ᠠᠯᠤᠰᠯᠠᠨ ᠡᠵᠡᠩᠨᠡᠵᠦ ᠪᠠᠶᠢᠨ᠎ᠠ᠃ 2021 | ᠣᠨ ᠠᠴᠠ ᠡᠬᠢᠯᠡᠨ᠂ ᠮᠠᠨ ᠤ ᠲᠢᠩᠬᠢᠮ ᠵᠠᠮ ᠲᠡᠭᠡᠭᠡᠪᠦᠷᠢ ᠶᠢᠨ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ︿ᠢᠨᠲ᠋ᠧᠷ ᠰᠦᠯᠵᠢᠶ᠎ᠡ + ᠦᠢᠯᠡᠴᠢᠯᠡᠭᠡ﹀ ᠪᠠᠷ ᠭᠠᠷᠳᠠᠴᠠ ᠪᠣᠯᠭᠠᠵᠤ᠂ ︿ᠮᠤᠵᠢ ᠠᠯᠤᠰᠯᠠᠨ | ᠨᠡᠶᠢᠳᠡᠮ ᠭᠦᠢᠴᠡᠳᠭᠡᠬᠦ﹀ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠮ ᠲᠡᠭᠡᠭᠡᠪᠦᠷᠢ ᠶᠢᠨ ᠡᠯᠧᠺᠲᠷᠣᠨ | ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠰᠢᠰᠲ᠋ᠧᠮ ᠢ ᠲᠠᠰ ᠳᠡᠪᠰᠢᠭᠦᠯᠬᠦ ᠪᠠ ᠶᠠᠮᠤᠨ | ᠮᠤᠵᠢ ᠬᠤᠯᠪᠣᠭᠠᠯᠠᠨ ᠳᠣᠭᠢᠷᠠᠭᠤᠯᠬᠤ ᠳᠤ ᠲᠦᠰᠢᠭᠯᠡᠨ᠂ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ | ᠰᠦᠯᠵᠢᠶᠡᠨ ᠳᠡᠭᠡᠷ᠎ᠡ ᠭᠦᠢᠴᠡᠳᠭᠡᠬᠦ ᠪᠠ ᠵᠠᠮ ᠲᠡᠭᠡᠭᠡᠪᠦᠷᠢ ᠶᠢᠨ ︿ᠬᠥᠮᠦᠨ᠂ ᠲᠡᠷᠭᠡ᠂ ᠡᠷᠦᠬᠡ﹀ ᠵᠡᠷᠭᠡ 3 | ᠲᠥᠷᠥᠯ ᠤᠨ 9 ᠵᠦᠢᠯ ᠤᠨ ᠡᠯᠧᠺᠲᠷᠣᠨ ᠦᠨᠡᠮᠯᠡᠯ ᠢ ᠵᠡᠷᠭᠡ ᠪᠠᠷ ᠡᠭᠦᠰᠭᠡᠨ ᠰᠢᠨᠡᠳᠭᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠪᠡ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ ᠤᠨ ᠳᠠᠷᠤᠭ᠎ᠠ ᠭᠦᠸᠧ ᠶᠢᠩ ᠲᠠᠨᠢᠯᠴᠠᠭᠤᠯᠪᠠ᠃ | 2021 ᠣᠨ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠨᠢ ᠵᠠᠮ ᠤᠨ ᠡᠩ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠣᠨ ᠤ | ᠬᠢᠨᠠᠯᠲᠠ᠂ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠤᠨ ︽ᠣᠨ ᠤ ᠪᠠᠶᠢᠴᠠᠭᠠᠯᠲᠠ︾ ᠪᠠ ᠦᠨᠡᠮᠯᠡᠯ ᠨᠦᠬᠦᠵᠦ | ᠰᠣᠯᠢᠬᠤ ᠵᠡᠷᠭᠡ 18 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠶᠢ ᠪᠡᠶᠡᠯᠡᠭᠦᠯᠪᠡ᠃ ᠣᠳᠣᠬᠠᠨ ᠪᠣᠯᠲᠠᠯ᠎ᠠ ᠪᠥᠬᠦ ᠣᠷᠣᠨ ᠳᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ | ᠲᠤᠬᠠᠶᠢᠯᠠᠭᠰᠠᠨ ᠠᠵᠢᠯ ᠢ ᠨᠡᠶᠢᠲᠡ 74.9 ᠲᠦᠮᠡᠨ ᠬᠤᠪᠢ ᠭᠦᠢᠴᠡᠳᠬᠡᠵᠦ᠂ ᠰᠠᠶᠢᠨ ᠦᠨᠡᠯᠡᠯᠲᠡ ᠶᠢᠨ ᠨᠣᠷᠮ᠎ᠠ | 99% ᠳᠤ ᠬᠦᠷᠴᠡᠶ᠃ | |