2 ᠳ᠋ᠤᠭᠠᠷ ᠰᠠᠷ᠎ᠠ ᠶᠢᠨ 13 ᠤ ᠡᠳᠦᠷ᠂ ᠪᠤᠭᠤᠲᠤ ᠬᠤᠲᠠ ᠶᠢᠨ ᠰᠦᠯᠵᠢᠶ᠎ᠡ ᠪᠠᠷ ᠲᠡᠷᠭᠡ ᠪᠣᠯᠵᠣᠬᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠵᠢᠩᠬᠢᠨᠢ ᠪᠠᠷ ᠠᠰᠢᠭᠯᠠᠯᠲᠠ ᠳᠤ ᠣᠷᠣᠪᠠ᠃ | ᠲᠣᠰ ᠲᠥᠪ ᠲᠤ ︽ᠬᠤᠪᠢᠰᠬᠠᠯ ᠤᠨ ᠲᠣᠰᠣ ᠨᠡᠮᠡᠬᠦ ᠥᠷᠲᠡᠭᠡ︾᠂ ︽ᠰᠡᠳᠬᠢᠯ ᠢ ᠳᠤᠯᠠᠭᠠᠴᠠᠭᠤᠯᠬᠤ | ᠦᠢᠯᠡᠴᠢᠯᠡᠭᠡᠨ ᠤ ᠥᠷᠲᠡᠭᠡ︾᠂ ︽ᠬᠥᠳᠡᠯᠭᠡᠭᠡᠨ ᠤ ᠴᠢᠳᠠᠮᠵᠢᠳᠤ ᠣᠷᠣᠨ︾᠂ ︽ᠬᠠᠮᠲᠤ ᠪᠠᠷ ᠡᠳ᠋ᠯᠡᠬᠦ | ᠰᠤᠷᠤᠯᠴᠠᠯᠭ᠎ᠠ ᠶᠢᠨ ᠪᠤᠯᠤᠩ︾ ᠵᠡᠷᠭᠡ ᠳᠥᠷᠪᠡᠨ ᠶᠡᠭᠡ ᠴᠢᠳᠠᠮᠵᠢᠲᠤ ᠣᠷᠣᠨ ᠢ ᠪᠠᠶᠢᠭᠤᠯᠵᠤ᠂ ᠨᠠᠮ ᠤᠨ | ᠪᠠᠶᠢᠭᠤᠯᠤᠯᠲᠠ ᠶᠢᠨ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠮᠠᠷᠠᠵᠤ ᠨᠥᠬᠦᠪᠥᠷᠢᠯᠡᠬᠦ᠂ ᠡᠷᠡᠭᠦᠯ | ᠮᠡᠨᠳᠦ ᠶᠢ ᠬᠢᠨᠠᠨ ᠬᠡᠮᠵᠢᠬᠦ ᠵᠡᠷᠭᠡ 10 ᠭᠠᠷᠤᠶ ᠵᠦᠢᠯ ᠤᠨ ᠦᠢᠯᠡᠴᠢᠯᠡᠭᠡ ᠶᠢ ᠬᠠᠩᠭᠠᠵᠤ᠂ ᠰᠦᠯᠵᠢᠶ᠎ᠡ ᠪᠠᠷ ᠪᠣᠯᠵᠣᠬᠤ | ᠮᠠᠰᠢᠨ ᠲᠡᠷᠭᠡᠨ ᠤ ᠵᠢᠯᠣᠭᠤᠴᠢ ᠶᠢᠨ ︽ᠤᠰᠤ ᠤᠤᠭᠤᠬᠤ ᠳᠤ ᠬᠦᠴᠢᠷ᠂ ᠴᠠᠬᠢᠯᠭᠠᠨ ᠴᠡᠨᠡᠭᠯᠡᠬᠦ ᠳᠤ ᠬᠦᠴᠢᠷ᠂ | ᠠᠮᠠᠷᠠᠬᠤ ᠳᠤ ᠬᠦᠴᠢᠷ︾ ᠵᠡᠷᠭᠡ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | ᠲᠤᠰ ᠲᠥᠪ ᠢ ᠡᠬᠢᠯᠡᠨ ᠬᠡᠷᠡᠭᠯᠡᠭᠰᠡᠨ ᠨᠢ ᠠᠵᠢᠯ ᠲᠦᠷᠦᠯ ᠢ ᠵᠢᠷᠤᠮᠵᠢᠭᠤᠯᠬᠤ᠂ ᠦᠢᠯᠡᠴᠢᠯᠡᠭᠡ ᠶᠢ | ᠨᠠᠷᠢᠯᠢᠬᠵᠢᠭᠤᠯᠬᠤ ᠶᠢ ᠠᠬᠢᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ ᠰᠦᠯᠵᠢᠶᠡᠨ ᠳᠡᠭᠡᠷᠡᠬᠢ | ᠲᠠᠪᠴᠠᠩ ᠳᠤ ᠲᠦᠰᠢᠭᠯᠡᠨ᠂ ᠨᠠᠮ ᠤᠨ ᠭᠡᠰᠢᠭᠦᠨ ᠤ ᠵᠢᠯᠣᠭᠤᠴᠢ ᠶᠢᠨ ᠬᠤᠯᠪᠣᠭ᠎ᠠ ᠠᠪᠬᠤ ᠴᠤᠭᠯᠠᠷᠠᠯ ᠢ ᠪᠠᠶᠢᠭᠤᠯᠵᠤ᠂ | ︽ᠨᠠᠮ ᠤᠨ ᠭᠡᠰᠢᠭᠦᠨ ᠤ ᠬᠤᠰᠢᠭᠤᠴᠢ ᠲᠡᠷᠭᠡ︾᠂ ︽ᠤᠯᠠᠭᠠᠨ ᠲᠤᠭ ᠤᠨ ᠵᠢᠱᠢᠶᠡᠴᠢ︾ ᠶᠢ ᠰᠢᠯᠭᠠᠷᠠᠭᠤᠯᠬᠤ | ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠵᠢᠯᠤᠭᠤᠴᠢ ᠶᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ | ᠭᠠᠷᠤᠯ ᠢ ᠨᠢ ᠲᠣᠳᠣᠷᠠᠭᠤᠯᠵᠤ᠂ ᠦᠯᠢᠭᠡᠷ ᠳᠠᠭᠤᠷᠢᠶᠠᠯ ᠪᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ | ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠵᠢᠯ ᠲᠦᠷᠦᠯ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ︽ᠪᠤᠭᠤᠲᠤ ᠶᠢᠨ ᠵᠠᠮ ᠬᠠᠷᠢᠯᠴᠠᠭ᠎ᠠ᠂ ᠲᠠᠨ ᠳᠤ ᠲᠠᠭᠠᠰᠢᠶᠠᠭᠳᠠᠬᠤ︾ ᠠᠵᠢᠯ ᠲᠦᠷᠦᠯ ᠤᠨ ᠲᠦᠷᠦᠯ | ᠲᠡᠮᠳᠡᠭ ᠢ ᠤᠯᠠᠮ ᠨᠢᠭᠡ ᠠᠯᠬᠤᠮ ᠭᠡᠷᠡᠯᠲᠦᠭᠦᠯᠦᠨ᠎ᠡ᠃ | |