ᠥᠪᠥᠷ ᠮᠣᠩᠭᠤᠯ ᠤᠨ ᠸᠧᠶ ᠲᠦᠩ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠬᠢᠷᠢ ᠬᠡᠮ ᠤᠨ ᠴᠢᠬᠤᠯᠠ ᠶᠡᠭᠡ ᠬᠤᠪᠢᠷᠠᠭᠤᠯᠤᠯᠲᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2025/2/21
    ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠸᠧᠶ ᠲᠦᠩ ᠪᠠᠷᠢᠯᠭ᠎ᠠ ᠶᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠴᠢᠬᠤᠯᠠ ᠶᠡᠭᠡ ᠬᠤᠪᠢᠷᠠᠭᠤᠯᠤᠯᠲᠠ ᠶᠢᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠡᠳᠦᠭᠡ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠶᠢ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ︽ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠢ ᠮᠡᠳᠡᠭᠦᠯᠬᠦ ᠮᠡᠳᠡᠭᠡ ᠵᠠᠩᠭᠢ ᠶᠢᠨ ᠢᠯᠡ ᠨᠡᠶᠢᠲᠡᠯᠡᠬᠦ︾ ᠬᠡᠰᠡᠭ ᠢᠶᠠᠷ                   ︵https://glxy.mot.gov.cn/publicity/index.do︶ ᠪᠠᠶᠢᠴᠠᠭᠠᠨ ᠦᠵᠡᠵᠦ ᠪᠣᠯᠤᠨ᠎ᠠ᠃ ᠵᠠᠷᠯᠠᠨ ᠨᠡᠶᠢᠲᠡᠯᠡᠬᠦ ᠴᠠᠭ ᠨᠢ 2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠠᠴᠠ 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠪᠣᠯᠤᠨ᠎ᠠ᠃    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ ︵ᠰᠢᠤᠳᠠᠨ ᠢᠶᠠᠷ ᠢᠯᠡᠭᠡᠬᠦ ᠮᠠᠲ᠋ᠧᠷᠢᠶᠠᠯ ᠢ ᠰᠢᠤᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠂ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ ᠬᠡᠷᠡᠭᠲᠡᠶ᠃ ᠪᠠᠶᠢᠴᠠᠭᠠᠨ ᠳᠣᠲᠣᠯᠠᠭᠰᠠᠨ ᠬᠤᠳᠠᠯ ᠬᠠᠭᠤᠷᠮᠠᠭ ᠠᠵᠤ ᠠᠬᠤᠶᠢᠯᠠᠯ ᠢ ᠮᠠᠨ ᠤ ᠲᠢᠩᠬᠢᠮ ᠬᠤᠯᠪᠣᠭᠳᠠᠯ ᠪᠦᠬᠦᠢ ᠲᠣᠭᠲᠠᠭᠠᠯ ᠢᠶᠠᠷ ᠰᠢᠢᠳᠪᠦᠷᠢᠯᠡᠨ᠎ᠡ᠃    ᠮᠡᠳᠡᠭᠦᠯᠦᠭᠰᠡᠨ ᠠᠵᠤ ᠠᠬᠤᠶᠢᠯᠠᠯ ᠬᠡᠷᠪᠡ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠳᠤ ᠣᠨᠳᠣᠤ ᠰᠠᠨᠠᠯ ᠲᠠᠢ ᠪᠠᠶᠢᠪᠠᠯ᠂ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ᠂ ︽ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠵᠥᠪᠰᠢᠶᠡᠷᠡᠯ︾ ᠤᠨ ᠰᠦᠯᠵᠢᠶ᠎ᠡ ᠪᠠᠷ ᠭᠦᠢᠴᠡᠳᠭᠡᠬᠦ ᠬᠡᠰᠡᠭ ᠢᠶᠠᠷ ᠳᠠᠮᠵᠢᠭᠤᠯᠤᠨ ᠲᠣᠭᠠᠴᠢᠯᠲᠠ ᠶᠢᠨ ᠭᠤᠶᠤᠴᠢᠯᠠᠯ ᠢᠶᠠᠨ ᠲᠤᠰᠢᠶᠠᠵᠤ᠂ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃    ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020    ᠬᠠᠷᠢᠯᠴᠠᠬᠤ ᠬᠥᠮᠥᠨ᠄ ᠸᠠᠩ ᠹᠠᠩ᠂ ᠹᠠᠨ ᠢᠦᠢ ᠬᠤᠤ︔ ᠬᠠᠷᠢᠯᠴᠠᠬᠤ ᠤᠲᠠᠰᠤ᠄ 0471 - 6969040    ᠢᠮᠧᠯ᠄ nmgjtjsc@126.com᠃       ᠳᠠᠭᠠᠯᠳᠤᠭᠤᠯᠤᠯ᠄ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠴᠢᠬᠤᠯᠠ ᠶᠡᠭᠡ ᠬᠤᠪᠢᠷᠠᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ       
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号