ᠠᠯᠠᠱᠠ ᠠᠶᠢᠮᠠᠭ ᠤᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠨᠢᠭᠡᠳᠦᠭᠡᠷ ᠶᠡᠭᠡ ᠠᠩᠭᠢ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2025/2/24
    ᠣᠶᠢᠷ᠎ᠠ ᠶᠢᠨ ᠡᠳᠦᠷ ᠤᠳ ᠲᠤ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠨᠢᠭᠡᠳᠦᠭᠡᠷ ᠶᠡᠭᠡ ᠠᠩᠭᠢ ᠴᠠᠭᠠᠨ ᠰᠠᠷ᠎ᠠ ᠶᠢᠨ ᠵᠥᠭᠡᠭᠡᠪᠦᠷᠢ ᠶᠢᠨ ︽ᠠᠮᠤᠷ ᠲᠦᠪᠰᠢᠨ ᠤ ᠬᠦᠪᠴᠢ︾ ᠶᠢ ᠴᠢᠩᠭᠠᠯᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠡᠭᠦᠯᠴᠢ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠲᠠᠢ ᠤᠶᠠᠯᠳᠤᠭᠤᠯᠤᠨ᠂ ᠵᠠᠮ ᠲᠡᠭᠡᠭᠡᠪᠦᠷᠢ ᠶᠢᠨ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠪᠡ᠃    ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠳᠤ ᠭᠦᠨᠵᠡᠭᠡᠶᠢᠷᠡᠵᠦ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠠᠮᠤᠷ ᠲᠦᠪᠰᠢᠨ ᠤ ᠲᠦᠭᠦᠭᠡᠷᠦᠮᠵᠢ ᠶᠢ ᠳᠣᠭᠢᠷᠠᠭᠤᠯᠤᠭᠰᠠᠨ ᠪᠠᠶᠢᠳᠠᠯ ᠵᠢᠴᠢ ᠡᠵᠡᠩᠨᠡᠯᠲᠡ ᠶᠢᠨ ᠠᠶᠠᠨᠴᠢᠳ ᠤᠨ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠰᠢᠮᠳᠠᠭᠤᠯᠵᠤ ᠪᠠᠶᠢᠭᠠᠳ ︽ᠭᠤᠷᠪᠠ ᠶᠢ ᠥᠷᠲᠡᠭᠡᠨ ᠳᠤ ᠣᠷᠣᠭᠤᠯᠬᠤ ᠥᠬᠡᠶ᠂ ᠵᠢᠷᠭᠤᠭ᠎ᠠ ᠶᠢ ᠥᠷᠲᠡᠭᠡᠨ ᠠᠴᠠ ᠭᠠᠷᠭᠠᠬᠤ ᠥᠬᠡᠶ︾᠂ ︽ᠭᠤᠷᠪᠠᠨ ᠪᠣᠳᠠᠰ︾ ᠢ ᠪᠠᠶᠢᠴᠠᠭᠠᠨ ᠰᠢᠯᠭᠠᠬᠤ ᠲᠦᠷᠢᠮ᠂ ᠠᠮᠤᠷ ᠲᠦᠪᠰᠢᠨ ᠢ ᠮᠡᠳᠡᠭᠳᠡᠬᠦ ᠲᠦᠷᠢᠮ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠡᠬᠢ ᠡᠭᠦᠰᠦᠯ ᠠᠴᠠ ᠨᠢ ᠠᠷᠢᠯᠭᠠᠪᠠ᠃    ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠴᠡᠭ ᠲᠣᠭᠲᠠᠭᠠᠨ ᠪᠠᠶᠢᠴᠠᠭᠠᠬᠤ ᠪᠠ ᠨᠡᠭᠦᠳᠡᠯ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ ᠬᠤᠲᠠ ᠶᠢᠨ ᠲᠣᠭᠤᠷᠢᠭ ᠤᠨ ᠭᠤᠤᠯ ᠵᠠᠮ ᠤᠨ ᠬᠡᠰᠡᠭ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ︽ᠲᠣᠤᠷ ᠲᠠᠲᠠᠬᠤ ᠮᠠᠶ᠋ᠢᠭ︾ ᠤᠨ ᠪᠠᠶᠢᠴᠠᠭᠠᠯᠲᠠ ᠬᠢᠵᠦ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ᠂ ᠠᠶᠤᠯᠲᠠᠶ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠡᠯ᠎ᠡ ᠲᠥᠷᠥᠯ ᠤᠨ ᠵᠠᠮ ᠲᠡᠭᠡᠭᠡᠪᠦᠷᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠵᠠᠯᠠᠷᠠᠭᠤᠯᠵᠤ᠂ 7 ᠰᠠᠭᠤᠳᠠᠯ ᠵᠢᠴᠢ ᠲᠡᠭᠦᠨ ᠠᠴᠠ ᠳᠡᠭᠡᠭᠰᠢᠬᠢ ᠮᠢᠶᠠᠨᠪᠣᠤ ᠲᠡᠷᠭᠡ᠂ ᠬᠤᠳᠠᠯᠳᠤᠭᠠᠨ ᠤ ᠶᠠᠪᠤᠳᠠᠯ ᠤᠨ ᠲᠡᠷᠭᠡ ᠶᠢᠨ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃    ᠵᠠᠰᠠᠮᠠᠯ ᠵᠠᠮ ᠤᠨ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠣᠷᠣᠨ ᠤ ᠤᠯᠤᠰ ᠮᠤᠵᠢ ᠶᠢᠨ ᠭᠤᠤᠯ ᠱᠤᠭᠤᠮ ᠤᠨ ᠭᠤᠤᠯ ᠵᠠᠮ᠂ ᠬᠥᠭᠦᠷᠭᠡ ᠵᠡᠷᠭᠡ ᠴᠢᠬᠤᠯᠠ ᠵᠠᠮ ᠤᠨ ᠬᠡᠰᠡᠭ ᠤᠨ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠳᠠᠯᠳᠠ ᠭᠡᠮ ᠢ ᠴᠠᠭ ᠲᠤᠬᠠᠶ ᠳᠤ ᠠᠷᠢᠯᠭᠠᠨ᠂ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ  ᠪᠠᠲᠤᠯᠠᠪᠠ᠃    ᠬᠤᠲᠠ ᠶᠢᠨ ᠲᠣᠭᠤᠷᠢᠭ ᠤᠨ ᠠᠶᠠᠨᠴᠢᠳ ᠲᠥᠪᠯᠡᠷᠡᠭᠰᠡᠨ ᠭᠠᠵᠠᠷ ᠣᠷᠣᠨ ᠳᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠦᠷᠢᠶᠡᠰᠦᠨ ᠮᠠᠰᠢᠨ ᠲᠡᠷᠭᠡ ᠦᠯᠦ ᠰᠠᠭᠤᠯᠭᠠᠬᠤ᠂ ᠦᠨ᠎ᠡ ᠬᠠᠩᠰᠢ ᠶᠢ ᠨᠢ ᠵᠥᠪᠯᠡᠬᠦ᠂ ᠠᠶᠠᠨᠴᠢᠳ ᠢ ᠨᠡᠶᠢᠯᠡᠭᠦᠯᠬᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠬᠠᠮᠠᠭᠠᠯᠠᠪᠠ᠃    ᠴᠠᠭᠠᠨ ᠰᠠᠷ᠎ᠠ ᠶᠢᠨ ᠵᠥᠭᠡᠭᠡᠪᠦᠷᠢ ᠠᠴᠠ ᠨᠠᠭᠠᠰᠢ᠂ ᠲᠣᠰ ᠶᠡᠭᠡ ᠠᠩᠭᠢ ᠡᠯ᠎ᠡ ᠲᠥᠷᠥᠯ ᠤᠨ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠨᠡᠶᠢᠲᠡ 15 ᠤᠳᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 80 ᠭᠠᠷᠤᠶ ᠬᠥᠮᠦᠨ ᠤᠳᠠᠭ᠎ᠠ ᠬᠥᠳᠡᠯᠭᠡᠵᠦ᠂ 200 ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠵᠢᠭᠰᠠᠭᠠᠨ ᠪᠠᠶᠢᠴᠠᠭᠠᠵᠤ᠂ ᠬᠤᠲᠠ ᠶᠢᠨ ᠲᠣᠭᠤᠷᠢᠭ ᠤᠨ ᠲᠦᠷᠢᠶᠡᠰᠦᠨ ᠮᠠᠰᠢᠨ ᠲᠡᠷᠭᠡ ᠶᠢ 600 ᠰᠠᠤᠷᠢ ᠤᠳᠠᠭ᠎ᠠ ᠵᠢᠭᠰᠠᠭᠠᠨ ᠪᠠᠶᠢᠴᠠᠭᠠᠪᠠ᠃             
 
ᠢᠷᠡᠯᠲᠡ᠄ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号