ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
    2 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ 2015 ᠣᠨ ᠤ 9 ᠳ᠋ᠦ᠋ᠭᠡᠷ ᠤᠳᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠣᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ ᠶᠡᠷᠦᠩᠬᠡᠢ ᠱᠦᠵᠢ ᠱᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮᠵᠢ ᠶᠢ ᠪᠦᠷᠢᠨᠰᠢᠭᠦᠯᠬᠦ︾ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ᠂ ︽ᠥᠪᠥᠷ ᠮᠣᠩᠭᠤᠯ ᠪᠥᠬᠦ ᠤᠯᠤᠰ ᠤᠨ ᠴᠢᠨᠠᠷ ᠰᠠᠶᠢᠲᠠᠢ ᠬᠦᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠤ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠣᠨᠣᠯ ᠤᠨ ᠰᠤᠷᠤᠯᠴᠠᠯᠭ᠎ᠠ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︔ ᠥᠪᠡᠷᠲᠡᠭᠡᠨ ᠵᠠᠰᠠᠬᠤ ᠣᠷᠤᠨ ᠤ ︽ᠵᠢᠷᠭᠤᠭᠠᠨ ᠠᠵᠢᠯᠯᠠᠭ᠎ᠠ︾ ᠶᠢᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠮ  ᠬᠠᠷᠢᠯᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠲᠥᠯᠥᠪᠵᠢᠭᠦᠯᠵᠦ᠂ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ︔ ᠠᠵᠠ ᠲᠣᠬᠢᠶᠠᠯ ᠢ ᠵᠠᠪᠳᠤᠨ᠂ ᠲᠤᠳᠠᠭᠤᠳᠡᠯ ᠢᠶᠠᠨ ᠣᠨᠣᠪᠴᠢᠲᠠᠢ ᠡᠷᠢᠵᠦ᠂ ᠲᠥᠷᠥᠯ ᠵᠦᠢᠯ ᠢ ᠪᠣᠳᠠᠲᠠᠶᠢᠵᠢᠭᠤᠯᠵᠤ᠂ ᠲᠦᠷᠦ ᠶᠢᠨ ᠪᠣᠳᠣᠯᠭ᠎ᠠ ᠶᠢ ᠰᠤᠳᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠵᠦᠢᠯ ᠤᠨ ᠠᠵᠢᠯ ᠢ ᠳᠠᠬᠢᠨ ᠰᠢᠨ᠎ᠡ ᠲᠦᠪᠰᠢᠨ ᠳᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                   ᠡᠬᠡ ᠪᠢᠴᠢᠭ᠄ ᠲᠢᠩᠬᠢᠮ ᠤᠨ ᠠᠯᠪᠠᠨ ᠭᠡᠷ   ᠲᠢᠶᠠᠨ ᠯᠢ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号