ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠪᠠᠷ | ᠳᠡᠮᠵᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ︵ᠳᠣᠷᠣᠭᠰᠢ ᠥᠪᠥᠷ ᠮᠣᠩᠭᠤᠯ ᠤᠨ ᠵᠠᠮ ᠬᠠᠷᠢᠯᠴᠠᠭᠠᠨ | ᠤ ᠰᠢᠨᠵᠢᠯᠡᠬᠦ ᠤᠬᠠᠭᠠᠨ ᠤ ᠬᠦᠷᠢᠶᠡᠯᠡᠩ ᠭᠡᠵᠦ ᠲᠣᠪᠴᠢᠯᠠᠨ᠎ᠠ︶ ᠤᠨ ᠵᠠᠰᠠᠮᠠᠯ ᠵᠠᠮ ᠤᠨ ᠪᠠᠷᠢᠯᠭ᠎ᠠ ᠶᠢᠨ ᠬᠥᠬᠡ ᠲᠠᠰ | ᠤᠨ ᠰᠢᠯᠭᠠᠨ ᠬᠡᠮᠵᠢᠬᠦ ᠬᠢᠷᠢ ᠬᠡᠮ ᠠᠮᠵᠢᠯᠲᠠ ᠲᠠᠢ ᠵᠥᠪᠰᠢᠶᠡᠷᠡᠭᠳᠡᠪᠡ᠂ ᠡᠨᠡ ᠪᠣᠯ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠬᠡᠮᠵᠢᠬᠦ ᠬᠢᠷᠢ ᠬᠡᠮ ᠢ ᠣᠯᠤᠭᠰᠠᠨ ᠪᠠᠶᠢᠭᠤᠯᠤᠮᠵᠢ ᠪᠣᠯᠤᠨ᠎ᠠ᠃ | | ᠵᠠᠰᠠᠮᠠᠯ ᠵᠠᠮ ᠤᠨ ᠪᠠᠷᠢᠯᠭ᠎ᠠ ᠶᠢᠨ ᠬᠥᠬᠡ ᠲᠠᠰ ᠤᠨ ᠰᠢᠯᠭᠠᠨ ᠬᠡᠮᠵᠢᠬᠦ ᠬᠢᠷᠢ ᠬᠡᠮ ᠪᠣᠯ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠬᠢᠨᠠᠨ ᠵᠥᠪᠰᠢᠶᠡᠷᠡᠭᠰᠡᠨ ᠵᠠᠰᠠᠮᠠᠯ ᠵᠠᠮ ᠤᠨ ᠪᠠᠷᠢᠯᠭ᠎ᠠ ᠶᠢᠨ ᠬᠦᠷᠢᠶᠡᠨ ᠳᠠᠬᠢ ᠬᠠᠮᠤᠭ ᠤᠨ | ᠳᠡᠭᠡᠳᠦ ᠲᠠᠰ ᠤᠨ ᠰᠢᠯᠭᠠᠨ ᠬᠡᠮᠵᠢᠬᠦ ᠬᠢᠷᠢ ᠬᠡᠮ ᠪᠣᠯᠤᠨ᠎ᠠ᠃ ᠲᠣᠰ ᠤᠳᠠᠭ᠎ᠠ ᠥᠪᠥᠷ ᠮᠣᠩᠭᠤᠯ ᠤᠨ ᠵᠠᠮ | ᠬᠠᠷᠢᠯᠴᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠨᠡᠶᠢᠲᠡ 25 ᠵᠦᠶᠯ ᠤᠨ ᠰᠢᠯᠭᠠᠨ ᠬᠡᠮᠵᠢᠬᠦ ᠲᠥᠷᠥᠯ ᠵᠦᠶᠯ᠂ | 527 ᠰᠢᠯᠭᠠᠨ ᠬᠡᠮᠵᠢᠬᠦ ᠪᠣᠯᠵᠣᠯᠲᠤ ᠲᠤᠭ᠎ᠠ ᠵᠥᠪᠰᠢᠶᠡᠷᠡᠭᠳᠡᠪᠡ᠃ | ᠲᠣᠰ ᠤᠳᠠᠭᠠᠨ ᠤ ᠵᠠᠰᠠᠮᠠᠯ ᠵᠠᠮ ᠤᠨ ᠪᠠᠷᠢᠯᠭ᠎ᠠ ᠶᠢᠨ ᠬᠥᠬᠡ ᠲᠠᠰ ᠤᠨ ᠬᠢᠷᠢ ᠬᠡᠮ ᠢ ᠦᠨᠡᠯᠡᠨ ᠲᠣᠭᠲᠠᠭᠠᠬᠤ | ᠠᠵᠢᠯ ᠢ ᠤᠷᠤᠭᠰᠢᠲᠠᠶ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠢᠨᠵᠢᠯᠡᠬᠦ | ᠤᠬᠠᠭᠠᠨ ᠤ ᠬᠦᠷᠢᠶᠡᠯᠡᠩ ᠮᠡᠷᠭᠡᠵᠢᠯ ᠤᠨ ᠭᠤᠤᠯᠯᠠᠭᠴᠢ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ | ᠲᠥᠬᠦᠭᠡᠷᠦᠮᠵᠢ ᠪᠠ ᠲᠤᠷᠰᠢᠯᠲᠠ ᠶᠢᠨ ᠲᠠᠰᠤᠭ ᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠥᠯᠭᠢᠨ ᠠᠬᠢᠭᠤᠯᠵᠤ᠂ | ᠲᠤᠷᠰᠢᠯᠲᠠ ᠬᠢᠵᠦ ᠰᠢᠯᠭᠠᠨ ᠬᠡᠮᠵᠢᠬᠦ ᠪᠥᠬᠦ ᠶᠠᠪᠤᠴᠠ ᠶᠢᠨ ᠲᠣᠭᠲᠠᠭᠠᠯ ᠳᠤ ᠨᠡᠶᠢᠴᠡᠬᠦ ᠴᠢᠨᠠᠷ ᠢ ᠦᠨᠡᠨ ᠬᠦ | ᠪᠠᠲᠤᠯᠠᠪᠠ︔ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠤᠨ ᠳᠣᠭᠢᠷᠠᠬᠤ ᠴᠢᠨᠠᠷ᠂ ᠭᠦᠶᠴᠡᠳ ᠴᠢᠨᠠᠷ ᠪᠠ | ᠦᠷ᠎ᠡ ᠪᠦᠳᠦᠮᠵᠢᠳᠦ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠮᠡᠷᠭᠡᠵᠢᠯ ᠤᠨ ᠠᠵᠢᠯᠯᠠᠭᠠᠨ ᠤ ᠦᠷ᠎ᠡ | ᠪᠦᠳᠦᠮᠵᠢᠳᠦ ᠴᠢᠨᠠᠷ ᠢ ᠪᠠᠲᠤᠯᠠᠪᠠ︔ ᠲᠥᠯᠥᠭᠡᠯᠡᠬᠦ ᠨᠡᠶᠢᠲᠡᠯᠢᠭ ᠵᠢᠱᠢᠶ᠎ᠡ ᠶᠢᠨ ᠮᠡᠳᠡᠭᠦᠯᠦᠯᠲᠡ᠂ ᠠᠵᠢᠯ ᠤᠨ | ᠠᠮᠵᠢᠯᠲᠠ ᠪᠦᠲᠦᠮᠵᠢ ᠶᠢᠨ ᠵᠢᠱᠢᠶ᠎ᠡ ᠶᠢ ᠨᠠᠷᠢᠨ ᠨᠢᠮᠪᠠᠶ ᠡᠮᠬᠢᠯᠡᠨ ᠳᠢᠭᠯᠡᠬᠦ ᠪᠠ ᠨᠠᠶᠢᠷᠠᠭᠤᠯᠤᠨ ᠪᠢᠴᠢᠵᠦ᠂ ᠪᠣᠳᠠᠲᠤ | ᠬᠦᠴᠦᠨ ᠪᠠ ᠬᠥᠭᠵᠢᠯᠲᠡ ᠶᠢᠨ ᠳᠠᠯᠳᠠ ᠬᠦᠴᠦᠨ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠭᠤᠶᠤᠴᠢᠯᠠᠨ | ᠮᠡᠳᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃ | ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠪᠠᠶᠢᠭᠤᠯᠤᠭᠳᠠᠭᠰᠠᠨ ᠠᠴᠠ | ᠨᠠᠭᠠᠰᠢ᠂ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠰᠢᠯᠭᠠᠨ ᠬᠡᠮᠵᠢᠬᠦ ᠶᠢ ᠨᠢᠭᠲᠠ ᠤᠶᠠᠯᠳᠤᠭᠤᠯᠬᠤ ᠶᠢ | ᠪᠠᠷᠢᠮᠲᠠᠯᠠᠨ᠂ ᠤᠷᠢᠳ ᠬᠤᠵᠢᠳ ᠵᠥᠪᠰᠢᠶᠡᠷᠡᠯ ᠣᠯᠵᠤ ᠤᠯᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ᠠᠵᠢᠯ ᠲᠥᠷᠥᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠡᠭᠡᠷ᠎ᠡ ᠭᠠᠳᠠᠨ᠎ᠠ ᠠᠵᠢᠭᠯᠠᠨ | ᠬᠡᠮᠵᠢᠬᠦ ᠰᠤᠳᠤᠯᠤᠯ ᠤᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ ᠵᠢᠴᠢ ᠪᠠᠷᠢᠯᠭ᠎ᠠ ᠶᠢᠨ ᠮᠡᠷᠭᠡᠵᠢᠯ ᠤᠨ ᠰᠤᠳᠤᠯᠤᠯ ᠤᠨ ᠲᠥᠪ ᠵᠡᠷᠭᠡ ᠶᠢ ᠪᠠᠭᠲᠠᠭᠠᠭᠰᠠᠨ ᠰᠢᠨᠵᠢᠯᠡᠬᠦ ᠤᠬᠠᠭᠠᠨ | ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠪᠠᠷ ᠳᠠᠮᠵᠢᠭᠤᠯᠤᠨ᠂ ᠰᠢᠯᠭᠠᠨ ᠬᠡᠮᠵᠢᠬᠦ ᠮᠡᠷᠭᠡᠵᠢᠯ ᠤᠨ | ᠳᠡᠰ ᠳᠡᠪᠰᠢᠬᠦ ᠪᠠ ᠰᠢᠨ᠎ᠡ ᠶᠢ ᠡᠭᠦᠳᠬᠦ ᠶᠢ ᠲᠠᠰᠤᠷᠠᠯᠲᠠ ᠤᠢᠭᠡᠢ ᠲᠦᠯᠬᠢᠨ ᠠᠬᠢᠭᠤᠯᠪᠠ᠃ ᠣᠳᠣᠬᠠᠨ ᠪᠣᠯᠲᠠᠯ᠎ᠠ᠂ | ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠲᠤᠰᠢᠶᠠᠭᠰᠠᠨ ᠢ ᠰᠢᠯᠭᠠᠨ ᠠᠪᠴᠤ ᠬᠢᠨᠠᠨ ᠲᠣᠭᠲᠠᠭᠠᠵᠤ ᠰᠢᠯᠭᠠᠨ ᠬᠡᠮᠵᠢᠬᠦ | ᠠᠵᠢᠯ ᠢ 6500 ᠭᠠᠷᠤᠶ ᠺᠢᠯᠣᠮᠧᠲᠷ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠬᠢᠨᠠᠨ ᠲᠣᠭᠲᠠᠭᠠᠵᠤ | ᠰᠢᠯᠭᠠᠨ ᠬᠡᠮᠵᠢᠬᠦ ᠠᠵᠢᠯ ᠢ 3800 ᠭᠠᠷᠤᠶ ᠺᠢᠯᠣᠮᠧᠲᠷ᠂ 180 ᠭᠠᠷᠤᠶ ᠬᠥᠭᠦᠷᠭᠡ ᠶᠢᠨ ᠳᠠᠭᠠᠭᠠᠴᠠ ᠶᠢᠨ | ᠲᠤᠷᠰᠢᠯᠲᠠ ᠶᠢᠨ ᠰᠢᠯᠭᠠᠨ ᠬᠡᠮᠵᠢᠯᠲᠡ᠂ 1800 ᠭᠠᠷᠤᠶ ᠬᠥᠭᠦᠷᠭᠡ ᠶᠢᠨ ᠰᠠᠭᠤᠷᠢ ᠪᠠᠭᠠᠨ᠎ᠠ ᠶᠢᠨ ᠪᠦᠷᠢᠨ ᠪᠦᠲᠦᠨ | ᠴᠢᠨᠠᠷ ᠤᠨ ᠰᠢᠯᠭᠠᠨ ᠬᠡᠮᠵᠢᠯᠲᠡ᠂ 440 ᠭᠠᠷᠤᠶ ᠬᠡᠰᠡᠭ ᠬᠥᠭᠦᠷᠭᠡ ᠶᠢᠨ ᠤᠷᠢᠳᠴᠢᠯᠠᠨ ᠦᠶᠯᠡᠳᠦᠭᠰᠡᠨ ᠨᠢᠷᠤᠭᠤ | ᠬᠠᠪᠲᠠᠰᠤ ᠶᠢᠨ ᠰᠢᠯᠭᠠᠨ ᠬᠡᠮᠵᠢᠯᠲᠡ ᠶᠢ ᠪᠡᠶᠡᠯᠡᠭᠦᠯᠪᠡ︔ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ | ᠤ ᠲᠥᠬᠦᠭᠡᠷᠦᠮᠵᠢ ᠶᠢ ᠲᠤᠬᠠᠶ ᠶᠢᠨ ᠲᠠᠯᠠᠪᠤᠷ ᠲᠤ ᠰᠢᠯᠭᠠᠨ ᠬᠡᠮᠵᠢᠬᠦ ᠠᠵᠢᠯ ᠢ 3100 ᠭᠠᠷᠤᠶ ᠺᠢᠯᠣᠮᠧᠲᠷ | ᠪᠡᠶᠡᠯᠡᠭᠦᠯᠪᠡ︔ 1529 ᠬᠥᠭᠦᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠡᠮᠵᠢᠬᠦ ᠶᠢ ᠪᠡᠶᠡᠯᠡᠭᠦᠯᠪᠡ︔ | ᠤᠯᠤᠰ ᠮᠤᠵᠢ ᠶᠢᠨ ᠭᠤᠣᠯ ᠱᠤᠭᠤᠮ ᠵᠢᠴᠢ ᠬᠥᠳᠡᠭᠡ ᠲᠣᠰᠬᠤᠨ ᠤ ᠵᠠᠰᠠᠮᠠᠯ ᠵᠠᠮ ᠤᠨ ᠭᠠᠳᠠᠷᠭᠤ ᠶᠢᠨ ᠪᠠᠶᠢᠳᠠᠯ ᠤᠨ | ᠮᠡᠷᠭᠡᠵᠢᠯ ᠤᠨ ᠦᠨᠡᠯᠡᠨ ᠲᠣᠭᠲᠠᠭᠠᠯᠲᠠ ᠶᠢ 9500 ᠭᠠᠷᠤᠢ ᠺᠢᠯᠣᠮᠧᠲᠷ ᠥᠷᠨᠢᠭᠦᠯᠪᠡ︔ 13 ᠭᠤᠣᠯᠳᠠᠯᠭ᠎ᠠ ᠲᠠᠢ | ᠬᠥᠭᠦᠷᠭᠡ ᠪᠠ 1 ᠨᠦᠬᠡᠨ ᠵᠠᠮ ᠤᠨ ᠲᠤᠰᠬᠠᠢ ᠲᠥᠷᠥᠯ ᠤᠨ ᠬᠢᠨᠠᠨ ᠬᠡᠮᠵᠢᠵᠦ ᠲᠣᠭᠤᠷᠢᠨ ᠪᠠᠶᠢᠴᠠᠭᠠᠬᠤ ᠠᠵᠢᠯ ᠢ | ᠪᠡᠶᠡᠯᠡᠭᠦᠯᠵᠡᠢ᠃ ᠮᠠᠲ᠋ᠧᠷᠢᠶᠠᠯ ᠢ ᠭᠥᠯᠢᠶᠡᠨ ᠠᠪᠴᠤ ᠰᠢᠯᠭᠠᠨ ᠪᠠᠶᠢᠴᠠᠭᠠᠯᠭᠠᠬᠤ ᠪᠠᠷ ᠨᠠᠶᠢᠳᠠᠭᠰᠠᠨ ᠨᠢ 5800 | ᠭᠠᠷᠤᠶ ᠵᠦᠶᠯ᠂ ᠰᠢᠯᠭᠠᠨ ᠪᠠᠶᠢᠴᠠᠭᠠᠵᠤ ᠰᠢᠯᠭᠠᠨ ᠬᠡᠮᠵᠢᠭᠰᠡᠨ ᠮᠡᠳᠡᠭᠦᠯᠦᠯᠲᠡ ᠶᠢ 6000 ᠭᠠᠷᠤᠶ ᠬᠤᠪᠢ | ᠲᠠᠷᠬᠠᠭᠠᠪᠠ᠃ | |