︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ | ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ | ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2024 ᠣᠨ ᠤ 2 | ᠳ᠋ᠤᠭᠠᠷ ᠲᠣᠭᠠᠲᠤ᠂ ᠳᠣᠷᠣᠭᠰᠢ ︽ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠪᠠ | ︽︿ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ | ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ﹇2024﹈ 13 ᠳ᠋ᠤᠭᠠᠷ ᠲᠣᠭᠠᠲᠤ︶ ᠶᠢ ᠦᠨᠳᠦᠰᠦᠯᠡᠪᠡᠯ᠂ ᠮᠠᠨ ᠤ | ᠲᠢᠩᠬᠢᠮ 2025 ᠣᠨ ᠤ ᠠᠩᠬᠠᠳᠠᠭᠴᠢ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ | ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠶᠢ ᠥᠷᠨᠢᠭᠦᠯᠬᠦ ᠪᠠᠷ | ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠨᠡᠷ᠎ᠡ ᠮᠡᠳᠡᠭᠦᠯᠬᠦ ᠴᠠᠭ ᠵᠢᠴᠢ ᠠᠷᠭ᠎ᠠ ᠮᠠᠶ᠋ᠢᠭ | ᠨᠡᠷ᠎ᠡ ᠮᠡᠳᠡᠭᠦᠯᠬᠦ ᠴᠠᠭ᠄ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠤᠨ 9᠄ 00 - 3 ᠳ᠋ᠤᠭᠠᠷ | ᠰᠠᠷ᠎ᠠ ᠶᠢᠨ 10 ᠤ ᠡᠳᠦᠷ ᠤᠨ 17᠄ 00 | ᠨᠡᠷ᠎ᠡ ᠮᠡᠳᠡᠭᠦᠯᠬᠦ ᠠᠷᠭ᠎ᠠ᠄ ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ | ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠢᠭᠡᠳᠦᠯᠲᠡᠶ ᠨᠡᠷ᠎ᠡ ᠮᠡᠳᠡᠭᠦᠯᠦᠨ᠎ᠡ᠃ ᠰᠢᠯᠭᠠᠨ | ᠬᠢᠨᠠᠬᠤ ᠬᠠᠮᠢᠶᠠᠷᠤᠯᠲᠠ ᠶᠢᠨ ᠰᠢᠰᠲ᠋ᠧᠮ ᠤᠨ ᠬᠠᠶ᠋ᠢᠭ᠄ http://nmg.safetyams.cn | ᠬᠤᠶᠠᠷ᠂ ᠰᠢᠯᠭᠠᠯᠲᠠ ᠶᠢᠨ ᠠᠩᠬᠠᠷᠬᠤ ᠵᠦᠢᠯ | ᠰᠢᠯᠭᠠᠯᠲᠠ ᠶᠢᠨ ᠡᠳᠦᠷ᠄ 2025 ᠣᠨ ᠤ 3 ᠳ᠋ᠤᠭᠠᠷ ᠰᠠᠷ᠎ᠠ ᠶᠢᠨ ᠳᠤᠮᠳᠠᠴᠢ ᠠᠴᠠ ᠰᠡᠭᠦᠯᠡᠷ᠃ ᠪᠣᠳᠠᠲᠠᠶ | ᠰᠢᠯᠭᠠᠯᠲᠠ ᠶᠢᠨ ᠴᠠᠭ ᠢ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠠᠴᠠ ᠳᠠᠷᠤᠮᠠᠯᠯᠠᠭᠰᠠᠨ ᠰᠢᠯᠭᠠᠭᠤᠯᠬᠤ | ᠲᠡᠮᠳᠡᠭ ᠢᠶᠠᠷ ᠪᠠᠷᠢᠮᠵᠢᠶ᠎ᠠ ᠪᠣᠯᠭᠠᠨ᠎ᠠ ︵3 ᠳ᠋ᠤᠭᠠᠷ ᠰᠠᠷ᠎ᠠ ᠶᠢᠨ 14 ᠤ ᠡᠳᠦᠷ - 3 ᠳ᠋ᠤᠭᠠᠷ ᠰᠠᠷ᠎ᠠ ᠶᠢᠨ 17 ᠤ | ᠡᠳᠦᠷ ᠤᠨ ᠬᠤᠭᠤᠴᠠᠭᠠᠨ ᠳᠤ ᠳᠠᠷᠤᠮᠠᠯᠯᠠᠵᠤ ᠪᠣᠯᠤᠨ᠎ᠠ︶᠃ | ᠰᠢᠯᠭᠠᠯᠲᠠ ᠶᠢᠨ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ︵ᠬᠥᠬᠡᠬᠤᠲᠠ ᠶᠢᠨ | ᠰᠢᠨ᠎ᠡ ᠬᠤᠲᠠ ᠲᠣᠭᠤᠷᠢᠭ ᠤᠨ ᠬᠥᠯᠥᠨ ᠪᠤᠶᠢᠷ ᠬᠤᠶᠢᠲᠤ ᠵᠠᠮ ᠤᠨ 105 ᠳ᠋ᠤᠭᠠᠷ ᠲᠣᠭᠠᠲᠤ︶ ᠤᠨ ᠠᠯᠤᠰ | ᠡᠵᠡᠮᠰᠢᠯᠲᠦ ᠬᠢᠴᠢᠶᠡᠯ ᠤᠨ ᠬᠡᠷ | ᠰᠢᠯᠭᠠᠯᠳᠠ ᠬᠢᠬᠦ ᠴᠠᠭ ᠤᠨ ᠤᠷᠳᠦ ᠪᠠ ᠬᠢᠷᠢ ᠪᠦᠳᠦᠮᠵᠢ ᠶᠢ ᠦᠨᠡᠯᠡᠨ ᠲᠤᠭᠳᠠᠭᠠᠬᠤ᠄ ᠴᠠᠭ ᠤᠨ ᠤᠷᠳᠤ ᠨᠢ | 90 ᠮᠢᠨᠦ᠋ᠲ ︵ᠤᠯᠠᠨᠳᠠ ᠰᠡᠳᠤᠪ ᠬᠠᠷᠢᠭᠤᠯᠵᠤ ᠪᠣᠯᠤᠨ᠎ᠠ︶᠃ ᠰᠢᠯᠭᠠᠯᠲᠠ ᠳᠤ ᠪᠦᠷᠢᠨ ᠬᠤᠪᠢ ᠨᠢ 100 | ᠬᠤᠪᠢ᠂ 70 ᠬᠤᠪᠢ ᠠᠴᠠ ᠳᠡᠭᠡᠭᠰᠢ ᠨᠢ ᠬᠢᠷᠢ ᠲᠡᠩᠴᠡᠭᠰᠡᠨ ᠪᠠᠶᠢᠨ᠎ᠠ᠃ | ᠭᠤᠷᠪᠠ᠂ ᠰᠢᠯᠭᠠᠯᠳᠠ ᠶᠢᠨ ᠠᠭᠤᠯᠭ᠎ᠠ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ | ᠪᠠᠷᠢᠯᠭ᠎ᠠ ᠪᠠᠷᠢᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ | ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ ᠬᠥᠲᠥᠯᠪᠦᠷᠢ︾ ᠶᠢ | ᠦᠨᠳᠦᠰᠦᠯᠡᠨ᠂ ᠭᠤᠤᠯ ᠰᠢᠯᠭᠠᠯᠲᠠ ᠶᠢᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ | ᠲᠣᠭᠲᠠᠭᠠᠯ ᠤᠨ ᠵᠢᠷᠤᠮᠵᠢᠯ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ ᠤᠨ | ᠮᠡᠷᠭᠡᠵᠢᠯ᠂ ᠶᠡᠷᠦᠩᠬᠡᠶᠢᠯᠡᠭᠰᠡᠨ ᠮᠡᠳᠡᠯᠭᠡ ᠪᠠ ᠴᠢᠳᠠᠪᠤᠷᠢ ᠪᠣᠯᠤᠨ᠎ᠠ᠃ | ᠳᠥᠷᠪᠡ᠂ ᠠᠩᠬᠠᠷᠬᠤ ᠵᠦᠢᠯ | ︵ᠨᠢᠭᠡ︶ ᠪᠠᠷᠢᠯᠭ᠎ᠠ ᠪᠠᠷᠢᠬᠤ ᠨᠢᠭᠡᠴᠢ ᠨᠡᠷ᠎ᠡ ᠮᠡᠳᠡᠭᠦᠯᠬᠦ ᠳᠤ ᠪᠠᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢ | ᠬᠢᠨᠠᠮᠠᠭᠠᠶ ᠬᠠᠷᠭᠤᠭᠤᠯᠵᠤ᠂ ᠡᠷᠬᠡᠪᠰᠢ ᠲᠣᠭᠲᠠᠭᠰᠠᠨ ᠬᠤᠭᠤᠴᠠᠭ᠎ᠠ ᠶᠢᠨ ᠳᠣᠲᠣᠷ᠎ᠠ ᠰᠢᠯᠭᠠᠭᠤᠯᠬᠤ ᠲᠡᠮᠳᠡᠭ ᠢ | ᠳᠠᠷᠤᠮᠠᠯᠯᠠᠬᠤ ᠶᠢᠨ ᠬᠠᠮᠲᠤ ᠲᠣᠰ ᠨᠢᠭᠡᠴᠢ ᠶᠢᠨ ᠰᠢᠯᠭᠠᠭᠤᠯᠤᠭᠴᠢ ᠳᠤ ᠮᠡᠳᠡᠭᠳᠡᠬᠦ ᠬᠡᠷᠡᠭᠲᠡᠶ᠃ ᠰᠢᠯᠭᠠᠭᠤᠯᠤᠭᠴᠢ | ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠰᠢᠯᠭᠠᠭᠤᠯᠬᠤ ᠲᠡᠮᠳᠡᠭ ᠢᠶᠠᠨ ᠠᠪᠴᠤ᠂ | ᠤᠷᠢᠳᠴᠢᠯᠠᠨ 30 ᠮᠢᠨᠦ᠋ᠲ ᠰᠢᠯᠭᠠᠯᠲᠠ ᠶᠢᠨ ᠭᠠᠵᠠᠷ ᠲᠤ ᠬᠥᠷᠬᠦ ᠬᠡᠷᠡᠭᠲᠡᠶ᠃ | ︵ᠬᠤᠶᠠᠷ︶ ᠰᠢᠯᠭᠠᠯᠲᠠ ᠶᠢᠨ ᠳᠤᠮᠳᠠ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠭ᠎ᠠ ᠰᠢᠯᠭᠠᠯᠲᠠ ᠶᠢᠨ ᠬᠥᠮᠦᠰ ᠢ ᠪᠠᠶᠢᠴᠠᠭᠠᠨ ᠳᠣᠲᠣᠯᠠᠮᠠᠭᠴᠠ ᠴᠢᠩᠭ᠎ᠠ | ᠰᠢᠢᠳᠪᠦᠷᠢᠯᠡᠬᠦ ᠶᠢᠨ ᠬᠠᠮᠲᠤ ᠵᠠᠷᠯᠠᠨ ᠨᠡᠶᠢᠲᠡᠯᠡᠨ᠎ᠡ᠃ | ︵ᠭᠤᠷᠪᠠ︶ ᠰᠢᠯᠭᠠᠭᠤᠯᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠤ ᠳᠠᠷᠠᠭ᠎ᠠ᠂ | ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠰᠢᠯᠭᠠᠨ ᠬᠢᠨᠠᠬᠤ ᠬᠠᠮᠢᠶᠠᠷᠤᠯᠲᠠ ᠶᠢᠨ | ᠰᠢᠰᠲ᠋ᠧᠮ ᠢᠶᠠᠷ ᠳᠡᠮᠵᠢᠨ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠭᠤᠶᠤᠴᠢᠯᠠᠯ ᠭᠠᠷᠭᠠᠵᠤ᠂ ︽ᠰᠢᠯᠭᠠᠨ | ᠬᠢᠨᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠠᠶᠤᠯᠭᠦᠶ | ᠦᠢᠯᠡᠳᠪᠦᠷᠢᠯᠡᠯ ᠤᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ | ︵ᠲᠦᠷᠪᠡ︶ ᠰᠢᠯᠭᠠᠯᠲᠠ ᠨᠢ ᠺᠣᠮᠫᠢᠦ᠋ᠲ᠋ᠧᠷ ᠤᠨ ᠰᠦᠯᠵᠢᠶᠡᠨ ᠳᠡᠭᠡᠷᠡᠬᠢ ᠢᠯᠠ ᠪᠤᠰᠦ ᠰᠢᠯᠭᠠᠯᠳᠠ ᠶᠢᠨ | ᠬᠡᠯᠪᠡᠷᠢ ᠶᠢ ᠬᠡᠷᠡᠭᠯᠡᠵᠦ᠂ ᠰᠢᠯᠭᠠᠯᠲᠠ ᠶᠢᠨ ᠶᠠᠪᠤᠴᠠ ᠳᠤ ᠬᠡᠷᠪᠡ ᠰᠢᠰᠲ᠋ᠧᠮ ᠤᠨ ᠰᠠᠭᠠᠳ ᠭᠠᠷᠬᠤ᠂ ᠴᠠᠬᠢᠯᠭᠠᠨ | ᠲᠠᠰᠤᠷᠠᠬᠤ ᠵᠡᠷᠭᠡ ᠬᠤᠷᠢᠭᠯᠠᠭᠳᠠᠰᠢ ᠦᠭᠡᠢ ᠪᠤᠰᠤᠳᠴᠢ ᠬᠦᠴᠦᠨ ᠵᠦᠢᠯ ᠢᠯᠡᠷᠡᠪᠡᠯ ᠠᠵᠢᠯᠲᠠᠨ ᠤ ᠲᠣᠬᠢᠷᠠᠭᠤᠯᠤᠯᠲᠠ | ᠶᠣᠰᠣᠭᠠᠷ ᠰᠢᠢᠳᠪᠦᠷᠢᠯᠡᠨ᠎ᠡ᠃ | ︵ᠲᠠᠪᠤ︶ ᠰᠢᠯᠭᠠᠯᠲᠠ ᠨᠢ ᠰᠦᠢᠳᠬᠡᠯ ᠬᠤᠷᠢᠶᠠᠬᠤ ᠦᠭᠡᠶ᠂ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠦᠭᠡᠶ᠂ | ᠶᠠᠮᠠᠷᠪᠠ ᠰᠢᠯᠭᠠᠯᠲᠠ ᠳᠤ ᠬᠡᠷᠡᠭᠯᠡᠬᠦ ᠨᠣᠮ ᠢ ᠵᠢᠭᠠᠨ ᠲᠣᠭᠲᠠᠭᠠᠬᠤ ᠦᠭᠡᠶ᠃ | ᠲᠠᠪᠤ᠂ ᠬᠠᠷᠢᠯᠴᠠᠬᠤ ᠠᠷᠭ᠎ᠠ ᠮᠠᠶ᠋ᠢᠭ | ᠬᠠᠷᠢᠯᠴᠠᠬᠤ ᠬᠥᠮᠦᠨ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ᠂ ᠯᠢᠦ ᠰᠢᠶᠤᠤ ᠯᠸᠢ᠂ ᠬᠠᠷᠢᠯᠴᠠᠬᠤ ᠤᠲᠠᠰᠤ᠄ | 0471 - 6551886᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 25 ᠤ ᠡᠳᠦᠷ | |