︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠲᠠᠪᠢᠨ | ᠬᠤᠶᠠᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ ᠤᠨ ᠳᠠᠭᠠᠯᠲᠠ | ᠲᠥᠬᠦᠭᠡᠷᠦᠮᠵᠢ ᠶᠢ ᠡᠪᠳᠡᠨ ᠰᠦᠢᠳᠬᠡᠵᠦ᠂ ᠳᠤᠷ᠎ᠠ ᠪᠠᠷ ᠢᠶᠠᠨ ᠰᠢᠯᠵᠢᠭᠦᠯᠵᠦ᠂ ᠪᠠᠯᠠᠯᠤᠨ ᠥᠭᠡᠷᠡᠴᠢᠯᠡᠵᠦ ᠪᠣᠯᠬᠤ | ᠦᠭᠡᠶ᠃ | ᠳᠡᠭᠡᠷ᠎ᠡ ᠳᠤᠷᠠᠳᠤᠭᠰᠠᠨ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠭᠡᠳᠡᠭ ᠨᠢ ᠵᠠᠰᠠᠮᠠᠯ ᠵᠠᠮ ᠢ ᠬᠠᠮᠠᠭᠠᠯᠠᠬᠤ᠂ | ᠠᠷᠠᠴᠢᠯᠠᠨ ᠬᠠᠮᠠᠭᠠᠯᠠᠬᠤ ᠪᠠ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠳᠤ | ᠪᠠᠶᠢᠭᠤᠯᠤᠭᠰᠠᠨ ᠵᠠᠰᠠᠮᠠᠯ ᠵᠠᠮ ᠤᠨ ᠰᠡᠷᠭᠡᠶᠢᠯᠡᠨ ᠬᠠᠮᠠᠭᠠᠯᠠᠬᠤ᠂ ᠤᠰᠤ ᠲᠠᠲᠠᠷᠠᠭᠤᠯᠬᠤ᠂ ᠠᠷᠠᠴᠢᠯᠠᠨ ᠬᠠᠮᠠᠭᠠᠯᠠᠬᠤ᠂ | ᠬᠠᠮᠢᠶᠠᠷᠬᠤ᠂ ᠦᠢᠯᠡᠴᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠲᠤᠯᠠᠨ ᠲᠡᠭᠡᠭᠡᠪᠦᠷᠢᠯᠡᠬᠦ᠂ ᠬᠢᠨᠠᠨ | ᠡᠵᠡᠮᠳᠡᠬᠦ᠂ ᠴᠢᠮᠡᠭᠡ ᠨᠡᠪᠲᠡᠷᠡᠯᠭᠡ᠂ ᠰᠦᠢᠳᠬᠡᠯ ᠬᠤᠷᠢᠶᠠᠬᠤ ᠵᠡᠷᠭᠡ ᠲᠥᠬᠦᠭᠡᠷᠦᠮᠵᠢ᠂ ᠪᠡᠯᠡᠳᠬᠡᠮᠵᠢ ᠵᠢᠴᠢ ᠲᠤᠰᠬᠠᠶ | ᠬᠡᠷᠡᠭᠯᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠢ ᠵᠢᠭᠠᠵᠤ ᠪᠤᠶ᠃ | ᠳᠠᠯᠠᠨ ᠵᠢᠷᠭᠤᠳᠤᠭᠠᠷ ᠵᠦᠢᠯ ᠤᠨ ︵ᠵᠢᠷᠭᠤᠭ᠎ᠠ︶ ᠳ᠋ᠤᠭᠠᠷ ᠲᠤ ᠳᠣᠤᠷᠠᠬᠢ ᠮᠡᠲᠦ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠤᠷᠪᠠᠨ ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠄ ︵ᠵᠢᠷᠭᠤᠭ᠎ᠠ︶ ᠲᠤᠰ ᠬᠠᠤᠯᠢ ᠶᠢᠨ ᠲᠠᠪᠢᠨ | ᠬᠤᠶᠠᠳᠤᠭᠠᠷ ᠵᠦᠢᠯ᠂ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠵᠠᠰᠠᠮᠠᠯ ᠵᠠᠮ ᠤᠨ | ᠳᠠᠭᠠᠯᠲᠠ ᠲᠥᠬᠦᠭᠡᠷᠦᠮᠵᠢ ᠶᠢ ᠡᠪᠳᠡᠨ ᠰᠦᠢᠳᠬᠡᠵᠦ᠂ ᠰᠢᠯᠵᠢᠭᠦᠯᠵᠦ᠂ ᠪᠠᠯᠠᠯᠤᠨ ᠥᠭᠡᠷᠡᠴᠢᠯᠡᠭᠰᠡᠨ ᠪᠤᠶᠤ | ᠪᠠᠷᠢᠯᠭ᠎ᠠ ᠶᠢᠨ ᠡᠵᠡᠮᠰᠢᠯ ᠤᠨ ᠣᠷᠣᠨ ᠤ ᠲᠡᠮᠳᠡᠭ ᠪᠠᠭᠠᠨ᠎ᠠ᠂ ᠵᠠᠭᠠᠭ ᠤᠨ ᠪᠠᠭᠠᠨ᠎ᠠ ᠢ ᠡᠪᠳᠡᠨ ᠰᠦᠢᠳᠬᠡᠵᠦ᠂ | ᠨᠡᠭᠦᠯᠭᠡᠵᠦ᠂ ᠵᠠᠰᠠᠮᠠᠯ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠃ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠬᠤᠷᠢᠨ ᠲᠠᠪᠤᠳᠤᠭᠠᠷ ᠵᠦᠢᠯ ᠵᠠᠰᠠᠮᠠᠯ | ᠵᠠᠮ ᠤᠨ ᠳᠠᠭᠠᠯᠲᠠ ᠲᠥᠬᠦᠭᠡᠷᠦᠮᠵᠢ ᠶᠢ ᠡᠪᠳᠡᠨ ᠰᠦᠢᠳᠭᠡᠬᠦ᠂ ᠳᠤᠷ᠎ᠠ ᠪᠠᠷ ᠢᠶᠠᠨ ᠰᠢᠯᠵᠢᠭᠦᠯᠬᠦ᠂ ᠪᠠᠯᠠᠯᠤᠨ | ᠥᠭᠡᠷᠡᠴᠢᠯᠡᠬᠦ᠂ ᠬᠠᠯᠬᠠᠯᠠᠬᠤ ᠪᠤᠶᠤ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠠᠰᠢᠭᠯᠠᠨ ᠬᠤᠭᠤᠯᠠᠶ ᠲᠠᠯᠪᠢᠬᠤ᠂ | ᠡᠳ᠋ ᠪᠣᠳᠠᠰ ᠡᠯᠭᠦᠬᠦ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠤᠨ ︵ᠵᠢᠷᠭᠤᠭ᠎ᠠ︶ ᠳ᠋ᠤᠭᠠᠷ ᠲᠤ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ | ᠳᠣᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠵᠠᠷᠯᠢᠭᠳᠠᠨ ᠵᠠᠯᠠᠷᠠᠭᠤᠯᠤᠭᠤᠯᠵᠤ᠂ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠄ | ︵ᠨᠢᠭᠡ︶ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠡᠪᠳᠡᠨ ᠰᠦᠢᠳᠬᠡᠵᠦ᠂ ᠰᠢᠯᠵᠢᠭᠦᠯᠵᠦ᠂ ᠪᠠᠯᠠᠯᠤᠨ | ᠥᠭᠡᠷᠡᠴᠢᠯᠡᠵᠦ᠂ ᠬᠠᠯᠬᠠᠯᠠᠭᠰᠠᠨ ᠪᠤᠶᠤ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠠᠰᠢᠭᠯᠠᠨ ᠬᠤᠭᠤᠯᠠᠶ | ᠲᠠᠯᠪᠢᠨ᠂ ᠡᠳ᠋ ᠪᠣᠳᠠᠰ ᠡᠯᠭᠦᠵᠦ᠂ ᠵᠠᠰᠠᠮᠠᠯ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠤ | ᠮᠡᠳᠡᠬᠦ᠃ |