ᠨᠢᠭᠡ᠂ ᠲᠣᠭᠲᠠᠭᠠᠭᠰᠠᠨ ᠠᠬᠤᠶ ᠪᠠᠶᠢᠳᠠᠯ | ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠡᠵᠡᠩᠨᠡᠭᠴᠢ ᠶᠢ ᠡᠮᠬᠢ ᠵᠢᠷᠤᠮ ᠲᠠᠢ ᠪᠠᠷ | ᠬᠥᠲᠥᠯᠥᠨ ᠵᠢᠯᠣᠭᠤᠳᠴᠤ ᠪᠠᠶᠢᠭᠠᠳ ᠬᠤᠯᠠ ᠵᠠᠶ ᠶᠢᠨ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ | ᠱᠤᠭᠤᠮ ᠤᠨ ᠵᠠᠬ᠎ᠠ ᠳᠡᠯᠭᠡᠭᠦᠷ ᠠᠴᠠ ᠭᠠᠷᠭᠠᠵᠤ᠂ ᠲᠦᠭᠰᠢᠭᠦᠷᠢ ᠶᠢ ᠰᠡᠷᠭᠡᠶᠢᠯᠡᠬᠦ᠂ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠶᠢᠯᠭᠠᠬᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠬᠠᠳᠠᠭᠠᠯᠠᠯᠲᠠ ᠶᠢᠨ ᠬᠡᠮᠵᠢᠶ᠎ᠡ ᠶᠢ | ᠰᠢᠯᠢᠳᠡᠭᠵᠢᠭᠦᠯᠬᠦ ᠵᠠᠷᠴᠢᠮ ᠶᠣᠰᠣᠭᠠᠷ᠂ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ | ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ | 2020 ᠣᠨ ᠤ 7 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ | ︽ᠵᠠᠮ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ | ᠬᠠᠮᠢᠶᠠᠷᠤᠯᠲᠠ ᠶᠢᠨ ᠲᠣᠭᠲᠠᠭᠠᠯ︾ ᠳᠤ᠄ ︽ᠲᠡᠭᠡᠭᠡᠪᠦᠷᠢ ᠶᠢᠨ ᠵᠠᠮ ᠱᠤᠭᠤᠮ ᠢ ᠬᠢᠨᠠᠨ ᠪᠠᠶᠢᠴᠠᠭᠠᠬᠤ ᠳᠤ ᠣᠷᠳᠣ ᠨᠢ | 800 ᠺᠢᠯᠣᠮᠧᠲᠷ ᠠᠴᠠ ᠳᠡᠭᠡᠭᠰᠢᠬᠢ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠭᠤᠶᠤᠴᠢᠯᠠᠬᠤ | ᠦᠶ᠎ᠡ ᠳᠤ ᠪᠠᠰᠠ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠲᠡᠶ︾ ᠭᠡᠵᠦ ᠲᠣᠳᠣᠷᠬᠠᠶ ᠳᠤᠷᠠᠳᠤᠨ | ᠭᠠᠷᠭᠠᠪᠠ᠃ 2021 ᠣᠨ ᠤ 12 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ | ᠲᠢᠩᠬᠢᠮ ︽ᠮᠤᠵᠢ ᠶᠢᠨ ᠬᠤᠭᠤᠷᠣᠨᠳᠣᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ | ︵ᠵᠠᠮ ᠲᠡᠭᠡᠭᠡᠪᠦᠷᠢ ﹇2021﹈ 85 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠭᠦᠨ ᠳᠤ | ᠳᠠᠭᠠᠯᠳᠤᠭᠤᠯᠤᠯ ︽800 ᠺᠢᠯᠣᠮᠧᠲᠷ ᠠᠴᠠ ᠳᠡᠭᠡᠭᠰᠢᠬᠢ ᠮᠤᠵᠢ ᠶᠢᠨ ᠬᠤᠭᠤᠷᠣᠨᠳᠣᠬᠢ ᠵᠠᠮ ᠤᠨ ᠠᠶᠠᠨᠴᠢᠳ ᠤᠨ | ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠵᠦᠭᠯᠡᠭᠦᠷ︾ | ᠳᠤ ᠦᠨᠳᠦᠰᠦᠯᠡᠯ ᠪᠠ ᠬᠡᠷᠡᠭᠯᠡᠬᠦ ᠬᠡᠪᠴᠢᠶ᠎ᠡ᠂ ᠲᠦᠭᠰᠢᠭᠦᠷᠢ ᠶᠢ ᠦᠨᠡᠯᠡᠨ ᠵᠢᠱᠢᠬᠦ ᠭᠤᠤᠯᠳᠠᠯᠭ᠎ᠠ᠂ ᠲᠦᠭᠰᠢᠭᠦᠷᠢ ᠶᠢᠨ | ᠲᠠᠰ ᠢ ᠮᠠᠭᠠᠳᠯᠠᠨ ᠲᠣᠭᠲᠠᠭᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ | ︽ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ | ᠬᠠᠮᠢᠶᠠᠷᠤᠯᠲᠠ ᠶᠢᠨ ᠲᠣᠭᠲᠠᠭᠠᠯ︾᠂ ︽ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾᠂ ︽ᠠᠶᠦᠯᠭᠦᠢ ᠦᠶᠯᠡᠳᠪᠦᠷᠢᠯᠡᠯ ᠤᠨ ᠬᠦᠨᠳᠦ ᠶᠡᠭᠡ ᠲᠦᠭᠰᠢᠭᠦᠷᠢ | ᠶᠢ ᠰᠡᠷᠭᠡᠶᠢᠯᠡᠨ ᠠᠷᠢᠯᠭᠠᠬᠤ ᠠᠵᠢᠯ ᠢ ᠭᠦᠨᠵᠡᠭᠡᠶᠢᠷᠡᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ | ᠰᠠᠨᠠᠯ︾᠂ ︽ᠮᠤᠵᠢ ᠶᠢᠨ ᠬᠤᠭᠤᠷᠣᠨᠳᠣᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠂ ︽︿ᠵᠠᠮ ᠲᠡᠭᠡᠭᠡᠪᠦᠷᠢ ᠶᠢᠨ ᠠᠵᠤ ᠠᠬᠤᠶᠢᠯᠠᠯ | ᠪᠣᠯᠤᠨ ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠶᠯᠡᠳᠪᠦᠷᠢᠯᠡᠯ ᠤᠨ | ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢ | ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ | ᠵᠡᠷᠭᠡ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 800 | ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ | ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ | ︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠪᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠨᠠᠷᠢᠨ ᠳᠦᠷᠢᠮ︾ ᠤᠨ ᠠᠭᠤᠯᠭ᠎ᠠ ᠨᠢ ᠨᠡᠶᠢᠲᠡ ᠭᠤᠷᠪᠠᠨ ᠪᠦᠯᠦᠭ ᠠᠷᠪᠠᠨ ᠬᠤᠶᠠᠷ ᠵᠦᠢᠯ | ᠬᠤᠪᠢᠶᠠᠨ᠎ᠠ᠃ | ︵ᠨᠢᠭᠡ︶ ᠨᠢᠭᠡᠳᠦᠭᠡᠷ ᠪᠦᠯᠦᠭ ᠶᠡᠷᠦᠩᠬᠡᠢ ᠳᠦᠷᠢᠮ᠃ ᠡᠭᠦᠨ ᠳᠤ ᠭᠤᠣᠯᠳᠠᠭᠤ ᠠᠵᠢᠯ ᠤᠨ ᠵᠠᠷᠴᠢᠮ ᠵᠢᠴᠢ | ᠬᠡᠷᠡᠭᠵᠢᠭᠦᠯᠬᠦ ᠭᠤᠣᠯ ᠴᠣᠭᠴᠠ ᠪᠠᠭᠲᠠᠨ᠎ᠠ᠃ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠢᠴᠢ | ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠢ ᠵᠢᠷᠤᠮᠯᠠᠨ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ | ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ 800 | ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ | ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ | ︵ᠬᠤᠶᠠᠷ︶ ᠬᠤᠶᠠᠳᠤᠭᠠᠷ ᠪᠦᠯᠦᠭ ᠦᠨᠡᠯᠡᠨ ᠵᠢᠱᠢᠬᠦ ᠱᠠᠭᠠᠷᠳᠠᠯᠭ᠎ᠠ ᠪᠠ ᠠᠭᠤᠯᠭ᠎ᠠ ᠃ | 1. ᠦᠨᠡᠯᠡᠨ ᠵᠢᠱᠢᠬᠦ ᠠᠵᠢᠯ ᠤᠨ ᠵᠠᠷᠴᠢᠮ ᠪᠠ ᠬᠤᠪᠢ ᠲᠣᠭᠲᠠᠭᠠᠬᠤ ᠭᠦᠢᠴᠡᠳᠬᠡᠯ ᠲᠤᠭ᠎ᠠ᠃ ᠦᠨᠡᠯᠡᠨ ᠵᠢᠱᠢᠬᠦ | ᠠᠵᠢᠯ ᠨᠢ ᠴᠢᠩᠭ᠎ᠠ ᠨᠢᠮᠪᠠᠶ ᠪᠠᠶᠢᠬᠤ᠂ ᠬᠡᠮᠵᠢᠶᠡᠵᠢᠭᠦᠯᠬᠦ ᠪᠠᠷᠢᠮᠵᠢᠶ᠎ᠠ᠂ ᠶᠡᠷᠦᠩᠬᠡᠶᠢᠯᠡᠭᠰᠡᠨ ᠦᠨᠡᠯᠡᠨ ᠵᠢᠱᠢᠬᠦ ᠵᠠᠷᠴᠢᠮ ᠢ | ᠪᠠᠷᠢᠮᠲᠠᠯᠠᠬᠤ ᠬᠡᠷᠡᠭᠲᠡᠶ᠃ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠵᠠᠮ ᠱᠤᠭᠤᠮ᠂ ᠲᠡᠷᠭᠡ ᠬᠥᠰᠬᠡ᠂ ᠠᠵᠢᠯ | ᠡᠷᠬᠢᠯᠡᠭᠰᠡᠳ᠂ ᠬᠠᠮᠢᠶᠠᠷᠤᠯᠲᠠ ᠶᠢᠨ ᠲᠦᠷᠢᠮ᠂ ᠡᠵᠡᠩᠨᠡᠯᠲᠡ ᠶᠢᠨ ᠣᠳᠣᠬᠢ ᠪᠠᠶᠢᠳᠠᠯ ᠵᠡᠷᠭᠡ 5 ᠶᠡᠭᠡ ᠲᠥᠷᠥᠯ 17 | ᠬᠤᠪᠢ ᠬᠤᠪᠢᠶᠠᠵᠤ᠂ ᠪᠦᠷᠢᠨ ᠬᠤᠪᠢ ᠨᠢ 100 ᠬᠤᠪᠢ ᠪᠣᠯᠤᠨ᠎ᠠ᠃ | 2. ᠦᠨᠡᠯᠡᠨ ᠵᠢᠱᠢᠭᠰᠡᠨ ᠦᠷ᠎ᠡ ᠳ᠋ᠦᠩ ᠪᠣᠯᠤᠨ ᠬᠤᠪᠢᠶᠠᠷᠢᠯᠠᠬᠤ ᠪᠠᠷᠢᠮᠵᠢᠶ᠎ᠠ᠃ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠡᠯ᠎ᠡ ᠭᠦᠢᠴᠡᠳᠬᠡᠯ ᠲᠤᠭ᠎ᠠ ᠶᠢᠨ ᠬᠤᠪᠢ ᠣᠯᠤᠭᠰᠠᠨ ᠪᠠᠶᠢᠳᠠᠯ | ᠶᠣᠰᠣᠭᠠᠷ᠂ ᠡᠩ ᠤᠨ ᠲᠦᠭᠰᠢᠭᠦᠷᠢ᠂ ᠳᠤᠮᠳᠠ ᠲᠦᠭᠰᠢᠭᠦᠷᠢ᠂ ᠥᠨᠳᠥᠷ ᠲᠦᠭᠰᠢᠭᠦᠷᠢ ᠭᠡᠵᠦ ᠭᠤᠷᠪᠠᠨ ᠳᠡᠰ | ᠬᠤᠪᠢᠶᠠᠨ᠎ᠠ᠃ | 3. ᠭᠤᠶᠤᠴᠢᠯᠠᠬᠤ ᠪᠤᠶᠤ ᠦᠷᠭᠦᠯᠵᠢᠯᠡᠨ ᠡᠵᠡᠩᠨᠡᠬᠦ ᠪᠠᠷ ᠪᠠᠶᠢᠭ᠎ᠠ ᠡᠭᠡᠯᠵᠢ ᠶᠢᠨ ᠱᠤᠭᠤᠮ ᠤᠨ ᠦᠷ᠎ᠡ | ᠳ᠋ᠦᠩ ᠤᠨ ᠬᠡᠷᠡᠭᠯᠡᠯᠲᠡ᠃ ᠦᠨᠡᠯᠡᠨ ᠵᠢᠱᠢᠭᠰᠡᠨ ᠦᠷ᠎ᠡ ᠳ᠋ᠦᠩ ᠨᠢ ᠡᠩ ᠤᠨ ᠲᠥᠭᠰᠢᠭᠦᠷᠢ ᠪᠠᠶᠢᠪᠠᠯ ᠵᠠᠰᠠᠭ | ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠬᠤ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠨ᠎ᠡ︔ ᠦᠨᠡᠯᠡᠨ | ᠵᠢᠱᠢᠭᠰᠡᠨ ᠦᠷ᠎ᠡ ᠳ᠋ᠦᠩ ᠨᠢ ᠳᠤᠮᠳᠠ᠂ ᠥᠨᠳᠥᠷ ᠲᠦᠭᠰᠢᠭᠦᠷᠢ ᠪᠠᠶᠢᠪᠠᠯ᠂ ᠴᠡᠭᠴᠡᠯᠡᠨ ᠰᠠᠶᠢᠵᠢᠷᠠᠭᠤᠯᠵᠤ ᠰᠢᠯᠭᠠᠨ | ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠬᠢᠨᠲᠠ ᠦᠨᠡᠯᠡᠨ ᠵᠢᠱᠢᠵᠦ᠂ ᠬᠠᠤᠯᠢ ᠪᠠᠷ ᠲᠣᠭᠲᠠᠭᠠᠭᠰᠠᠨ | ᠵᠥᠪᠰᠢᠶᠡᠷᠡᠯ ᠤᠨ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠬᠦ ᠥᠬᠡᠶ᠃ | 4. ᠡᠵᠡᠩᠨᠡᠵᠦ ᠪᠠᠶᠢᠭ᠎ᠠ ᠡᠭᠡᠯᠵᠢ ᠶᠢᠨ ᠱᠤᠭᠤᠮ ᠳᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ | ᠠᠵᠢᠯ ᠥᠷᠨᠢᠭᠦᠯᠦᠭᠰᠡᠨ ᠦᠭᠡᠢ ᠪᠠᠶᠢᠪᠠᠯ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠡᠷᠡᠭᠵᠢᠭᠦᠯᠬᠦ ᠨᠠᠷᠢᠨ ᠲᠦᠷᠢᠮ︾ ᠤᠨ | ᠶᠣᠰᠣᠭᠠᠷ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ | ᠠᠵᠢᠯ ᠢ ᠥᠷᠨᠢᠭᠦᠯᠦᠭᠰᠡᠨ ᠦᠷ᠎ᠡ ᠳ᠋ᠦᠩ ᠨᠢ ᠡᠩ ᠤᠨ ᠲᠦᠭᠰᠢᠭᠦᠷᠢ ᠪᠠᠶᠢᠪᠠᠯ᠂ ᠦᠷᠭᠦᠯᠵᠢᠯᠡᠨ ᠡᠵᠡᠩᠨᠡᠨ᠎ᠡ︔ | ᠦᠨᠡᠯᠡᠨ ᠵᠢᠱᠢᠭᠰᠡᠨ ᠦᠷ᠎ᠡ ᠳ᠋ᠦᠩ ᠨᠢ ᠳᠤᠮᠳᠠ᠂ ᠥᠨᠳᠥᠷ ᠲᠦᠭᠰᠢᠭᠦᠷᠢ ᠪᠠᠶᠢᠪᠠᠯ᠂ ᠱᠠᠭᠠᠷᠳᠠᠯᠭ᠎ᠠ ᠶᠣᠰᠣᠭᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠨ᠎ᠡ᠃ | 5. ᠠᠮᠤᠷ ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠠᠬᠢᠨ ᠥᠷᠨᠢᠭᠦᠯᠬᠦ ᠴᠢᠬᠤᠯᠠᠲᠠᠢ ᠪᠠᠶᠢᠳᠠᠯ᠃ | ᠵᠠᠮ ᠱᠤᠭᠤᠮ᠂ ᠲᠡᠷᠭᠡ ᠬᠥᠰᠬᠡ ᠵᠡᠷᠭᠡ ᠠᠶᠠᠨᠴᠢᠳ ᠤᠨ ᠵᠥᠭᠡᠭᠡᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢ | ᠦᠨᠡᠯᠡᠨ ᠵᠢᠱᠢᠬᠦ ᠵᠦᠢᠯ ᠳᠤ ᠬᠤᠪᠢᠷᠠᠯᠲᠠ ᠭᠠᠷᠤᠭᠰᠠᠨ᠂ ᠡᠵᠡᠩᠨᠡᠯᠲᠡ ᠶᠢᠨ ᠬᠤᠭᠤᠴᠠᠭᠠᠨ ᠳᠤ ᠬᠥᠮᠦᠨ ᠨᠢ | ᠦᠬᠦᠭᠰᠡᠨ ᠪᠤᠶᠤ ᠡᠩ ᠤᠨ ᠵᠢᠴᠢ ᠲᠡᠭᠦᠨ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠠᠳᠡᠯ ᠭᠠᠷᠤᠭᠰᠠᠨ ᠪᠠᠶᠢᠪᠠᠯ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠠᠬᠢᠨ ᠥᠷᠨᠢᠭᠦᠯᠬᠦ | ᠬᠡᠷᠡᠭᠲᠡᠶ᠃ | ︵ᠭᠤᠷᠪᠠ︶ ᠭᠤᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠃ | |