︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠣᠨᠤᠭ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠬᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/4/10
    ᠡᠨᠡ ᠵᠢᠯ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢᠳᠤᠨᠤᠨ ᠤ ᠰᠠᠭᠤᠷᠢᠨ ᠳᠡᠭᠡᠷ᠎ᠡ ᠠᠰᠢᠭ ᠭᠥᠷᠳᠡᠬᠦ ᠬᠡᠪᠴᠢᠶ᠎ᠡ ᠪᠠᠨ ᠦᠷᠭᠡᠳᠬᠡᠨ᠂ ᠰᠢᠨᠡᠳᠬᠡᠬᠦ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠠᠭᠤᠴᠢᠨ ᠢᠶᠠᠷ ᠰᠢᠨ᠎ᠡ ᠶᠢ ᠰᠣᠯᠢᠬᠤ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃ ᠡᠵᠡᠩᠨᠡᠯᠲᠡ ᠶᠢᠨ ᠡᠷᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠥᠷᠢ ᠭᠤᠶᠤᠴᠢᠯᠠᠨ ᠠᠪᠬᠤ ᠲᠠᠪᠴᠠᠩ︾ ᠢᠶᠠᠷ ᠳᠠᠮᠵᠢᠭᠤᠯᠤᠨ ᠨᠥᠬᠦᠪᠥᠷᠢ ᠭᠤᠶᠤᠴᠢᠯᠠᠨ ᠠᠪᠬᠤ ᠵᠦᠶᠯᠡᠰ ᠢ ᠰᠢᠭᠤᠳ ᠭᠦᠶᠴᠡᠳᠬᠡᠵᠦ ᠪᠣᠯᠤᠨ᠎ᠠ᠂ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ ᠤᠨ ᠣᠯᠠᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠬᠠᠮᠲᠤᠷᠠᠨ ᠠᠵᠢᠯᠯᠠᠵᠤ᠂ ᠬᠢᠨᠠᠨ ᠬᠠᠷᠭᠤᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃    ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ᠡᠯ᠎ᠡ ᠠᠶᠢᠮᠠᠭ ᠬᠤᠲᠠ ᠶᠢᠨ ᠦᠯᠡᠳᠡᠭᠡᠯ ᠵᠢᠴᠢ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠬᠡᠷᠡᠭᠯᠡᠭᠡᠨ  ᠠᠴᠠ ᠭᠠᠷᠭᠠᠵᠤ ᠰᠢᠨᠡᠳᠬᠡᠬᠦ ᠰᠠᠭᠤᠷᠢ ᠲᠤᠭ᠎ᠠ ᠶᠢ ᠲᠤᠶᠢᠯ ᠤᠨ ᠣᠨᠣᠪᠴᠢᠲᠠᠶ ᠪᠠᠷ ᠡᠵᠡᠮᠰᠢᠵᠦ᠂ ᠲᠥᠷᠥ ᠶᠢᠨ ᠪᠣᠳᠣᠯᠭ᠎ᠠ ᠶᠢᠨ ᠨᠠᠷᠢᠨ ᠲᠦᠷᠢᠮ ᠢ ᠶᠠᠭ ᠰᠤᠳᠤᠯᠤᠨ ᠨᠠᠷᠢᠯᠢᠬᠵᠢᠭᠤᠯᠵᠤ ᠪᠠᠶᠢᠨ᠎ᠠ᠂ ᠵᠠᠮ ᠬᠠᠷᠢᠯᠴᠠᠭ᠎ᠠ ᠲᠡᠭᠡᠭᠡᠪᠦᠷᠢ  ᠶᠢᠨ ᠶᠠᠮᠤᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠱᠠᠭᠠᠷᠳᠠᠯᠭ᠎ᠠ ᠶᠣᠰᠣ ᠪᠠᠷ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠪᠠ ᠨᠥᠬᠦᠪᠥᠷᠢ ᠭᠤᠶᠤᠴᠢᠯᠠᠨ ᠮᠡᠳᠡᠭᠦᠯᠬᠦ ᠴᠤᠪᠤᠷᠠᠯ ᠢ ᠨᠠᠷᠢᠯᠢᠬᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ ᠤ ᠲᠡᠷᠭᠡ ᠪᠠ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃     ᠣᠶᠢᠯᠠᠭᠠᠭᠰᠠᠨ ᠢᠶᠠᠷ᠂ 2024 ᠣᠨ ᠠᠴᠠ ᠨᠠᠭᠠᠰᠢ᠂ ᠥᠪᠥᠷ ᠮᠣᠩᠭᠤᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠪᠠ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠢᠨᠡᠳᠬᠡᠬᠦ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ᠂ ᠬᠠᠭᠤᠴᠢᠷᠠᠭᠰᠠᠨ ᠡᠵᠡᠩᠨᠡᠯᠲᠡ ᠶᠢᠨ ᠪᠠᠷᠠᠭᠠᠨ  ᠤ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠥᠬᠦᠪᠥᠷᠢ ᠥᠭᠬᠦ ᠬᠡᠪᠴᠢᠶ᠎ᠡ᠂ ᠨᠥᠬᠦᠪᠥᠷᠢ ᠥᠭᠬᠦ ᠪᠠᠷᠢᠮᠵᠢᠶ᠎ᠠ ᠪᠠ ᠨᠥᠬᠦᠪᠥᠷᠢ ᠭᠤᠶᠤᠴᠢᠯᠠᠨ ᠠᠪᠬᠤ ᠴᠤᠪᠤᠷᠠᠯ ᠵᠡᠷᠭᠡ ᠶᠢ ᠲᠣᠳᠣᠷᠬᠠᠶᠢᠯᠠᠵᠤ᠂ ᠪᠥᠬᠦ ᠣᠷᠣᠨ ᠳᠤ ᠨᠡᠶᠢᠲᠡ 4219 ᠡᠵᠡᠩᠨᠡᠯᠲᠡ ᠶᠢᠨ ᠪᠠᠷᠠᠭᠠᠨ ᠤ ᠲᠡᠷᠭᠡ᠂ 370 ᠰᠠᠤᠷᠢ ︵ᠢᠵᠢ︶ ᠰᠢᠨ᠎ᠡ ᠡᠨᠧᠷᠭᠢ  ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠬᠦ ᠬᠦᠴᠦᠨ ᠤ ᠳ᠋ᠢᠶᠠᠨ ᡂᠢ ᠳᠤ ᠨᠥᠬᠦᠪᠥᠷᠢ ᠬᠦᠷᠲᠡᠭᠡᠵᠦ᠂ ᠨᠥᠬᠦᠪᠥᠷᠢ ᠳᠤ ᠬᠤᠯᠪᠣᠭᠳᠠᠭᠰᠠᠨ ᠪᠠᠯᠠ ᠮᠥᠩᠭᠦ ᠨᠢ 1.98 ᠳ᠋ᠦᠩᠰᠢᠭᠤᠷ ᠲᠥᠭᠦᠷᠢᠭ ᠰᠢᠬᠠᠮ ᠬᠦᠷᠴᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号