ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠣᠨᠴᠠᠭᠠᠶ ᠴᠠᠭ ᠠᠭᠤᠷ ᠢ ᠠᠷᠭᠠᠴᠠᠭᠠᠬᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
    4 ᠳ᠋ᠦ᠋ᠭᠡᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠣᠨᠴᠠᠭᠠᠶ ᠴᠠᠭ ᠠᠭᠤᠷ ᠢ ᠠᠷᠭᠠᠴᠠᠭᠠᠬᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠣᠨᠴᠠᠭᠠᠢ ᠴᠠᠭ ᠠᠭᠤᠷ ᠢ ᠠᠷᠭᠠᠴᠠᠭᠠᠬᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠶ ᠳᠤ ᠨᠢ ᠤᠯᠠᠮᠵᠢᠯᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᡁᠢ ᠴᠢᠤᠸᠠᠨ ᠬᠤᠷᠠᠯ ᠢ ᠡᠷᠭᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠡᠯ᠎ᠡ ᠭᠤᠤᠯᠳᠠᠯᠭ᠎ᠠ ᠲᠠᠢ ᠬᠦᠷᠢᠶᠡᠨ ᠳᠤ ᠪᠣᠳᠠᠲᠠᠶ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠡ ᠳᠤᠷᠠᠳᠪᠠ᠃     ᠬᠤᠷᠠᠯ ᠠᠴᠠ᠂ ᠲᠤᠰ ᠡᠭᠡᠯᠵᠢ ᠶᠢᠨ ᠶᠡᠭᠡ ᠰᠠᠯᠬᠢ ᠬᠦᠢᠲᠡᠷᠡᠬᠦ ᠡᠯᠡᠰᠦᠨ ᠰᠢᠭᠤᠷᠭ᠎ᠠ᠂ ᠰᠢᠷᠦᠭᠦᠨ ᠪᠣᠷᠣᠭᠠᠨ ᠴᠠᠰᠤ᠂ ᠴᠢᠩᠭ᠎ᠠ ᠰᠣᠯᠢᠭ ᠤᠷᠤᠰᠬᠠᠯ᠂ ᠳᠣᠭᠰᠢᠨ ᠪᠣᠷᠣᠭᠠᠨ ᠪᠠ ᠶᠡᠭᠡ ᠮᠠᠨᠠᠨ ᠲᠠᠢ ᠴᠠᠭ ᠠᠭᠤᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠲᠤᠶᠢᠯ ᠤᠨ ᠣᠨᠴᠠᠭᠠᠢ ᠮᠠᠭᠤ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠴᠢᠩᠭ᠎ᠠ ᠰᠠᠶᠢᠲᠤᠷ ᠠᠳᠬᠤᠬᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠥᠴᠢᠷ ᠲᠠᠢ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠶ ᠳᠤ  ᠨᠢ ᠡᠵᠡᠮᠰᠢᠵᠦ᠂ ᠣᠨᠴᠠᠭᠠᠢ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠴᠠᠭ ᠠᠭᠤᠷ ᠤᠨ ᠨᠥᠯᠥᠭᠡ ᠶᠡᠬᠡᠲᠡᠶ ᠵᠠᠮ ᠤᠨ ᠬᠡᠰᠡᠭ᠂ ᠠᠳᠡᠯ ᠣᠯᠠᠨ ᠭᠠᠷᠳᠠᠭ ᠵᠠᠮ ᠤᠨ ᠬᠡᠰᠡᠭ ᠤᠨ ᠵᠠᠮ ᠤᠨ ᠲᠣᠤᠷ ᠤᠨ ᠠᠵᠢᠯᠯᠠᠭᠠᠨ ᠤ ᠬᠥᠳᠡᠯᠦᠩᠭᠦᠶ ᠬᠢᠨᠠᠨ ᠰᠢᠨᠵᠢᠯᠲᠡ ᠶᠢ ᠴᠢᠩᠭᠠᠳᠬᠠᠵᠤ᠂ ᠰᠤᠳᠤᠯᠤᠨ ᠮᠠᠭᠠᠳᠯᠠᠵᠤ ᠠᠷᠭᠠᠴᠠᠭᠠᠬᠤ ᠶᠢ ᠴᠢᠩᠭᠠᠳᠬᠠᠨ᠂ ᠶᠠᠪᠤᠵᠤ ᠰᠠᠭᠤᠬᠤ ᠮᠡᠳᠡᠭᠡ ᠵᠠᠩᠭᠢ  ᠶᠢ ᠴᠠᠭ ᠲᠤᠬᠠᠶ ᠳᠤ ᠨᠢ ᠨᠡᠶᠢᠲᠡᠯᠡᠵᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠴᠠᠭ ᠲᠤᠬᠠᠶ ᠳᠤ ᠨᠢ ᠬᠠᠮᠢᠶᠠᠷᠤᠨ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠦᠴᠦᠨ ᠤ ᠪᠡᠯᠡᠳᠬᠡᠯ ᠢ ᠰᠠᠶᠢᠲᠤᠷ ᠬᠢᠵᠦ᠂ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠲᠤᠨᠤᠭ ᠲᠥᠬᠦᠭᠡᠷᠦᠮᠵᠢ ᠶᠢ ᠭᠦᠶᠴᠡᠳ ᠪᠡᠯᠡᠳᠬᠡᠬᠦ ᠬᠡᠷᠡᠭᠲᠡᠶ᠃ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣ ᠪᠠᠷ ᠬᠡᠷᠡᠭ ᠤᠨ ᠮᠡᠳᠡᠭᠡ ᠵᠠᠩᠭᠢ ᠪᠠ ᠴᠢᠬᠤᠯᠠ ᠪᠠᠴᠢᠮ ᠪᠠᠶᠢᠳᠠᠯ ᠢ ᠴᠠᠭ ᠲᠤᠬᠠᠶ ᠳᠤ ᠨᠢ᠂ ᠣᠨᠣᠪᠴᠢᠲᠠᠶ᠂ ᠵᠢᠷᠤᠮᠵᠢᠯ ᠲᠠᠢ ᠮᠡᠳᠡᠭᠦᠯᠦᠨ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠳᠡᠭᠡᠷ᠎ᠡ᠂ ᠬᠥᠯᠥᠨ ᠪᠣᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠣᠳᠣᠬᠠᠨ ᠤ ᠴᠠᠭ ᠠᠭᠤᠷ  ᠤᠨ ᠨᠥᠯᠥᠭᠡ ᠶᠢᠨ ᠪᠠᠶᠢᠳᠠᠯ᠂ ᠠᠷᠭᠠᠴᠠᠭᠠᠬᠤ ᠠᠷᠭ᠎ᠠ ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠲᠥᠬᠦᠮ ᠬᠠᠷᠢᠭᠤ ᠮᠡᠳᠡᠭᠦᠯᠦᠯᠲᠡ ᠬᠢᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号